ᠣᠶᠢᠷ᠎ᠡ ᠶᠢᠨ ᠡᠳᠦᠷ ᠱᠠᠷᠯᠢᠭ ᠭᠤᠣᠯᠳᠠᠯᠭᠠᠲᠣ ᠪᠠᠭ᠎ᠠ ᠰᠣᠷᠭᠠᠭᠤᠯᠢ ᠶᠢᠨ ᠰᠣᠷᠣᠭᠴᠢᠳ ᠦᠦᠰᠢᠨ ᠰᠣᠶᠣᠯ | ᠵᠠᠭᠤᠴᠢ ᠶᠢᠨ ᠬᠢᠵᠠᠭᠠᠷᠲᠣ ᠺᠣᠮᠫᠠᠨᠢ ᠶᠢᠨ ᠦᠵᠡᠬᠦᠯᠦᠯᠬᠡ ᠶᠢᠨ ᠲᠢᠩᠬᠢᠮ ᠢ ᠳᠣᠭᠤᠷᠢᠨ ᠦᠵᠡᠭᠰᠡᠨ ᠪᠠᠶᠢᠨ᠎ᠠ᠃ | ᠦᠦᠰᠢᠨ ᠰᠣᠶᠣᠯ ᠵᠠᠭᠤᠴᠢ ᠶᠢᠨ ᠬᠢᠵᠠᠭᠠᠷᠲᠣ ᠺᠣᠮᠫᠠᠨᠢ ᠶᠢᠨ ᠦᠵᠡᠬᠦᠯᠦᠯᠬᠡ ᠶᠢᠨ ᠲᠢᠩᠬᠢᠮ ᠪᠣᠯ ᠦᠦᠰᠢᠨ | ᠰᠣᠶᠣᠯ ᠵᠠᠭᠤᠴᠢ ᠶᠢᠨ ᠬᠢᠵᠠᠭᠠᠷᠲᠣ ᠺᠣᠮᠫᠠᠨᠢ ᠶᠢᠨ ᠳᠠᠭᠠᠭᠠᠮᠠᠯ ᠮᠦᠨᠴᠦ ᠵᠢᠷ ᠤᠨ ᠨᠢᠬᠡᠨ ᠮᠠᠯᠴᠢᠨ ᠨᠠᠰᠣᠨᠵᠢᠷᠭᠠᠯ ᠤᠨ | ᠬᠤᠷᠢᠭᠠᠳ ᠵᠢᠯ ᠤᠨ ᠳᠣᠷᠰᠢ ᠡᠪᠯᠡᠬᠦᠯᠵᠦ ᠴᠣᠭᠯᠠᠭᠤᠯᠣᠭᠰᠠᠨ ᠬᠠᠭᠤᠴᠢᠨ ᠨᠣᠮ ᠰᠣᠳᠣᠷ᠂ ᠡᠳ᠋ᠯᠡᠯ ᠬᠡᠷᠡᠭᠰᠡᠯ ᠵᠡᠷᠭᠡ | ᠬᠡᠳᠦᠨ ᠲᠦᠮᠡᠨ ᠶᠠᠭᠤᠮ᠎ᠠ ᠶᠢ ᠳᠡᠯᠬᠡᠨ ᠦᠵᠡᠬᠦᠯᠵᠦ ᠪᠠᠶᠢᠭ᠎ᠠ ᠶᠣᠮ᠃ | ᠬᠠᠭᠤᠴᠢ ᠰᠣᠶᠣᠯ ᠢᠶᠠᠨ ᠳᠡᠭᠡᠳᠦᠯᠡᠵᠦ᠂ ᠬᠤᠶᠢᠴᠢᠰ ᠲᠠᠭᠠᠨ ᠶᠠᠭᠤ ᠨᠢᠬᠡ ᠶᠢ ᠦᠯᠡᠳᠡᠬᠡᠶ᠎ᠡ ᠬᠡᠰᠡᠨ | ᠨᠠᠰᠣᠨᠵᠢᠷᠭᠠᠯ ᠤᠨ ᠬᠢ ᠪᠠᠷ ᠣᠶᠢᠷ᠎ᠠ ᠬᠠᠪᠢ ᠶᠢᠨ ᠰᠣᠷᠭᠠᠭᠤᠯᠢ ᠶᠢᠨ ᠰᠣᠷᠣᠭᠴᠢᠳ ᠳᠠᠩᠳᠠ ᠳᠣᠭᠤᠷᠢᠨ ᠦᠵᠡᠵᠦ | ᠰᠣᠶᠣᠯ ᠤᠨ ᠰᠢᠮ᠎ᠡ ᠬᠦᠷᠳᠡᠳᠡᠭ ᠪᠠᠶᠢᠨ᠎ᠠ᠃ ᠱᠠᠷᠯᠢᠭ ᠭᠤᠣᠯᠳᠠᠯᠭᠠᠲᠣ ᠪᠠᠭ᠎ᠠ ᠰᠣᠷᠭᠠᠭᠤᠯᠢ ᠶᠢᠨ ᠨᠢᠬᠡ | ᠬᠤᠶᠠᠳᠣᠭᠠᠷ ᠣᠨ ᠤ ᠭᠤᠷᠪᠠᠨ ᠠᠩᠬᠢ ᠶᠢᠨ ᠬᠢᠨ ᠴᠤ ᠬᠠᠭᠤᠴᠢ ᠰᠤᠶᠤᠯ ᠢ ᠤᠶᠢᠯᠭᠠᠬᠤ ᠶᠢ ᠨᠡᠶᠢᠬᠡᠮ ᠤᠨ | ᠦᠢᠯᠡᠳᠦᠯᠬᠡ ᠶᠢᠨ ᠬᠢᠴᠢᠶᠡᠯ ᠤᠨ ᠢᠶᠠᠨ ᠴᠢᠬᠤᠯᠠ ᠠᠭᠤᠯᠭ᠎ᠠ ᠪᠣᠯᠭᠠᠨ᠂ ᠰᠣᠷᠣᠭᠴᠢᠳ ᠢᠶᠠᠨ ᠵᠤᠭᠢᠶᠠᠨ ᠪᠠᠶᠢᠭᠤᠯᠤᠨ | ᠠᠳᠡ ᠢᠷᠡᠵᠦ ᠳᠣᠭᠤᠷᠢᠨ ᠦᠵᠡᠭᠰᠡᠨ ᠪᠠᠶᠢᠨ᠎ᠠ᠃ ᠰᠣᠷᠣᠭᠴᠢᠳ ᠡᠨᠡ ᠳᠡᠷᠡ ᠶᠢ ᠰᠣᠨᠢᠭᠤᠴᠢᠯᠠᠨ ᠠᠰᠠᠭᠤᠬᠤ ᠳᠤ | ᠨᠠᠰᠣᠨᠵᠢᠷᠭᠠᠯ ᠴᠦ ᠨᠢᠬᠡᠳ ᠨᠢᠬᠡ ᠪᠠᠷ ᠨᠠᠷᠢᠯᠢᠭ ᠳᠠᠶᠢᠯᠪᠣᠷᠢᠯᠠᠵᠣ ᠬᠠᠭᠤᠴᠢ ᠵᠦᠢᠯᠡᠰ ᠤᠨ ᠰᠣᠶᠣᠯ ᠤᠨ ᠬᠦᠨ | ᠠᠭᠤᠯᠣᠭᠳᠠᠴᠠ ᠶᠢ ᠬᠡᠣᠬᠡᠳ ᠪᠠᠭᠠᠴᠣᠳ ᠲᠠᠭᠠᠨ ᠣᠶᠢᠯᠠᠭᠠᠭᠤᠯᠣᠨ ᠳᠠᠨᠢᠭᠤᠯᠵᠣ ᠪᠠᠶᠢᠭ᠎ᠠ ᠶᠣᠮ᠃ |