ᠣᠶᠢᠷ᠎ᠡ ᠶᠢᠨ ᠡᠳᠦᠷ᠂ ᠠᠷᠪᠠᠨ ᠨᠢᠭᠡᠳᠦᠭᠡᠷ ᠬᠤᠭᠤᠴᠠᠭᠠᠨ ᠤ ᠣᠷᠳᠣᠰ ᠮᠣᠩᠭᠤᠯᠴᠤᠳ ᠤᠨ ᠶᠣᠰᠣ | ᠰᠤᠷᠲᠠᠬᠤᠨ ᠵᠠᠩ ᠦᠢᠯᠡ ᠶᠢᠨ ᠨᠠᠶᠢᠷ ᠵᠢᠴᠢᠪᠦ᠋ᠬᠦᠯᠢ ᠦᠬᠡᠷ ᠦᠬᠡᠷ ᠤᠨ ᠰᠢᠷᠠᠮᠠᠯ ᠢᠳᠡᠬᠡᠨ ᠤ ᠣᠯᠠᠨ ᠣᠯᠣᠰ ᠤᠨ | ᠴᠤᠭᠯᠠᠭᠠᠨ ᠨᠢ ᠴᠠᠭᠠᠨ ᠰᠦᠯᠳᠡ ᠠᠮᠢ ᠠᠬᠤᠢ ᠨᠡᠭᠦᠳᠡᠯ ᠰᠣᠶᠣᠯ ᠵᠢᠭᠤᠯᠴᠢᠯᠠᠯ ᠤᠨ ᠣᠷᠣᠨ ᠳᠤ ᠦᠪᠡᠳᠡᠭᠰᠢ ᠶᠡᠭᠡ | ᠪᠠᠷ ᠶᠠᠪᠣᠭᠳᠠᠪᠠ᠃ | ᠪᠦᠬᠦᠶᠢᠯᠡ ᠠᠵᠢᠯᠯᠠᠭ᠎ᠠ ᠨᠢ ᠴᠠᠭᠠᠨ ᠰᠦᠯᠳᠡ ᠶᠢᠨ ᠵᠤᠨ ᠤ ᠤᠯᠠᠷᠢᠯ ᠤᠨ ᠶᠡᠭᠡ ᠲᠠᠬᠢᠯᠭ᠎ᠠ ᠪᠠᠷ ᠡᠬᠢᠯᠡᠵᠦ᠂ ᠬᠤᠯᠠ | ᠣᠶᠢᠷ᠎ᠠ ᠶᠢᠨ ᠮᠦᠷᠬᠦᠯᠴᠢᠳ ᠵᠢᠭᠤᠯᠴᠢᠯᠠᠭᠰᠠᠳ ᠬᠠᠮᠲᠤᠪᠡᠷ ᠮᠣᠩᠭᠤᠯ ᠦᠨᠳᠦᠰᠦᠲᠡᠨ ᠤ ᠡᠩᠬᠡ ᠲᠠᠶᠢᠪᠤᠩ ᠤᠨ | ᠪᠡᠯᠭᠡ ᠲᠡᠮᠳᠡᠭ ᠦᠵᠡᠯ ᠰᠠᠨᠠᠭᠠᠨ ᠤ ᠲᠤᠯᠭᠠᠭᠤᠷᠢ ᠬᠦᠴᠦᠨ ᠪᠣᠯᠣᠭᠰᠠᠨ ᠶᠢᠰᠦᠨ ᠬᠥᠯᠲᠦ ᠴᠠᠭᠠᠨ ᠰᠦᠯᠳᠡ ᠶᠢ | ᠲᠠᠬᠢᠵᠤ᠂ ᠤᠯᠤᠰ ᠣᠷᠣᠨ ᠠᠷᠠᠳ ᠲᠦᠮᠡᠨ ᠤ ᠡᠷᠡᠭᠦᠯ ᠡᠩᠬᠡ᠂ ᠠᠵᠠ ᠵᠢᠷᠭᠠᠯ ᠲᠠᠢ᠂ ᠬᠥᠭᠵᠢᠨ ᠮᠠᠨᠳᠤᠬᠤ ᠶᠢ | ᠳᠠᠭᠠᠳᠬᠠᠭᠰᠠᠨ ᠪᠠᠶᠢᠨ᠎ᠠ᠃ ᠡᠨᠡ ᠨᠢ ᠭᠠᠳᠠᠨ᠎ᠠ ᠣᠷᠣᠨ ᠠᠴᠠ ᠮᠣᠩᠭᠤᠯ ᠰᠣᠶᠣᠯ ᠢ ᠣᠶᠢᠯᠠᠭᠠᠬᠤ ᠪᠠᠷᠢᠷᠡᠭᠰᠡᠨ | ᠵᠤᠭᠠᠴᠠᠭᠴᠢ ᠶᠢᠨ ᠰᠡᠳᠬᠢᠯ ᠢ ᠬᠥᠨᠳᠡᠵᠦ᠂ ᠮᠣᠩᠭᠤᠯ ᠰᠣᠶᠣᠯ ᠤᠨ ᠭᠦᠨ ᠵᠤᠵᠠᠭᠠᠨ ᠠᠭᠤᠷ ᠠᠮᠢᠰᠬᠤᠯ ᠳᠤ | ᠲᠠᠲᠠᠭᠳᠠᠨ ᠪᠠᠶᠢᠯ᠎ᠠ᠃ | ᠲᠠᠬᠢᠯᠭ᠎ᠠ ᠶᠢᠨ ᠳᠠᠷᠠᠭ᠎ᠠ᠂ ᠴᠠᠭᠠᠨ ᠰᠦᠯᠳᠡ ᠶᠢᠨ ᠰᠢᠷᠠᠮᠠᠯ ᠦᠬᠡᠷ ᠤᠨ ᠳᠠᠶᠢᠯᠠᠯᠭ᠎ᠠ ᠪᠣᠯᠣᠨ ᠬᠠᠷᠢ | ᠤᠯᠤᠰ ᠤᠨ ᠲᠣᠭᠤᠭᠠᠴᠢ ᠶᠢᠨ ᠰᠢᠷᠠᠭᠰᠠᠨ ᠪᠦᠬᠦᠯᠢ ᠦᠬᠡᠷ ᠤᠨ ᠮᠢᠬ᠎ᠠ ᠶᠢ ᠠᠵᠢᠯᠯᠠᠭᠠᠨ ᠳᠤ ᠣᠷᠣᠯᠴᠠᠭᠰᠠᠨ ᠣᠯᠠᠨ | ᠲᠦᠮᠡᠨ ᠳᠤ ᠠᠮᠲᠠᠯᠠᠭᠤᠯᠵᠤ᠂ ᠤᠯᠤᠰ ᠤᠳ ᠤᠨ ᠢᠳᠡᠭᠡᠨ ᠤᠮᠳᠠᠭᠠᠨ ᠤ ᠰᠣᠶᠣᠯ ᠤᠨ ᠰᠣᠯᠢᠯᠴᠠᠭ᠎ᠠ ᠶᠢ | ᠠᠬᠢᠭᠤᠯᠤᠨ᠂ ᠲᠤᠷᠰᠢᠯᠭ᠎ᠠ ᠪᠠᠨ ᠰᠣᠯᠢᠯᠴᠠᠬᠤ ᠳᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ ᠥᠷᠭᠡᠨ ᠣᠯᠠᠨ | ᠵᠤᠭᠠᠴᠠᠭᠰᠠᠳ ᠲᠤ ᠢᠳᠡᠭᠡᠨ ᠤᠮᠳᠠᠭᠠᠨ᠂ ᠰᠣᠶᠣᠯ ᠵᠤᠭᠠᠴᠠᠯ ᠬᠠᠷᠢᠯᠴᠠᠨ ᠤᠶᠠᠯᠳᠤᠭᠰᠠᠨ ᠥᠪᠡᠷᠮᠢᠴᠡ | ᠣᠨᠴᠠᠯᠢᠭᠲᠤ ᠵᠤᠭᠠᠴᠠᠯ ᠢ ᠡᠳ᠋ᠯᠡᠭᠦᠯᠦᠭᠰᠡᠨ ᠪᠠᠶᠢᠨ᠎ᠠ᠃ | ᠮᠣᠩᠭᠤᠯ ᠦᠨᠳᠦᠰᠦᠲᠡᠨ ᠤ ᠵᠠᠩ ᠦᠢᠯᠡ ᠪᠠᠨ ᠳᠡᠯᠭᠡᠨ ᠦᠵᠡᠭᠦᠯᠵᠦ᠂ ᠰᠣᠶᠣᠯ ᠵᠢᠭᠤᠯᠴᠢᠯᠠᠯ ᠤᠨ ᠣᠶᠢᠯᠡᠰ | ᠢ ᠬᠦᠭᠵᠢᠬᠦᠯᠥᠨ ᠦᠪᠡᠷᠮᠢᠴᠡ ᠣᠨᠴᠠᠯᠢᠭᠲᠤ ᠠᠵᠢᠯᠯᠠᠭᠠᠨ ᠪᠣᠯᠬᠤ ᠳᠡᠯᠡᠬᠡᠢ ᠶᠢᠨ 5 ᠤᠯᠤᠰ ᠤᠨ ᠨᠠᠷᠠᠳᠣ | ᠳᠣᠭᠠᠭᠤᠴᠢ ᠶᠢ ᠴᠤᠭᠯᠠᠭᠤᠯᠵᠤ ᠪᠦᠬᠦᠯᠢ ᠦᠬᠡᠷ ᠤᠨ ᠰᠢᠷᠠᠮᠠᠯ ᠢᠳᠡᠬᠡᠨ ᠢ ᠬᠢᠵᠣ ᠪᠠᠶᠢᠬᠤ ᠡᠨᠡ ᠬᠥᠳᠡᠯᠭᠡᠭᠡᠨ ᠨᠢ | ᠭᠠᠳᠠᠭᠠᠳᠤ ᠤᠯᠤᠰ᠂ ᠭᠠᠳᠠᠷ ᠣᠷᠣᠨ ᠤ ᠵᠤᠭᠠᠴᠠᠭᠰᠠᠳ ᠤᠨ ᠬᠠᠯᠠᠭᠤᠨ ᠬᠦᠷᠢᠶᠡᠯᠡᠯ ᠢ ᠣᠯᠣᠭᠰᠠᠨ ᠢᠶᠠᠷ ᠪᠠᠷᠠᠬᠤ | ᠦᠭᠡᠢ᠂ ᠨᠤᠲᠤᠭ ᠤᠨ ᠮᠠᠯᠴᠢᠳ ᠤᠨ ᠳᠠᠭᠠᠰᠢᠶᠠᠯ ᠢ ᠬᠦᠷᠳᠡᠭᠰᠡᠨ ᠪᠠᠶᠢᠨ᠎ᠠ᠃ | ᠣᠶᠢᠯᠠᠭᠠᠭᠰᠠᠨ ᠢᠶᠠᠷ ᠲᠤᠰ ᠬᠤᠭᠤᠴᠠᠭᠠᠨ ᠤ ᠣᠷᠳᠣᠰ ᠮᠣᠩᠭᠤᠯᠴᠤᠳ ᠤᠨ ᠶᠣᠰᠣ ᠰᠤᠷᠲᠠᠬᠤᠨ ᠵᠠᠩ | ᠦᠢᠯᠡ ᠶᠢᠨ ᠨᠠᠶᠢᠷ ᠵᠢᠴᠢ ᠪᠦᠬᠦᠯᠢ ᠦᠬᠡᠷ ᠤᠨ ᠰᠢᠷᠠᠮᠠᠯ ᠢᠳᠡᠬᠡᠨ ᠤ ᠣᠯᠠᠨ ᠣᠯᠣᠰ ᠤᠨ ᠴᠤᠭᠯᠠᠭᠠᠨ 6 | ᠰᠠᠷ᠎ᠠ ᠶᠢᠨ 24 ᠪᠣᠯᠳᠠᠯ᠎ᠠ ᠶᠠᠪᠤᠭᠳᠠᠵᠤ᠂ ᠳᠡᠯᠡᠬᠡᠢ ᠶᠢᠨ ᠡᠯ᠎ᠡ ᠤᠯᠤᠰ ᠤᠨ ᠪᠦᠬᠦᠯᠢ ᠦᠬᠡᠷ ᠤᠨ ᠰᠢᠷᠠᠮᠠᠯ ᠢᠳᠡᠬᠡᠨ | ᠂ ᠣᠷᠳᠣᠰ ᠬᠤᠷᠢᠮ ᠤᠨ ᠲᠣᠭᠯᠠᠯᠲᠠ᠂ ᠤᠯᠠᠭᠠᠨᠮᠥ᠋ᠴᠢᠷ ᠤᠨ ᠲᠣᠭᠯᠠᠯᠲᠠ᠂ ᠺᠢᠨᠣ᠋ ᠦᠵᠡᠭᠦᠯᠬᠦ ᠵᠡᠷᠭᠡ ᠪᠠᠶᠠᠯᠢᠭ | ᠠᠭᠤᠯᠭ᠎ᠠ ᠪᠠᠷ ᠶᠠᠪᠤᠭᠳᠠᠪᠠ᠃ |