ᠤᠷᠳᠤᠰ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠰᠤᠷᠳᠠᠯᠴᠢᠯᠠᠭ᠎ᠠ ᠶᠢᠨ ᠭᠠᠷᠠᠭ  ᠤᠨ ᠡᠬᠢᠯᠡᠯᠳᠡ ᠶᠢᠨ ᠶᠤᠰᠤᠯᠠᠯ ᠵᠢᠴᠢ ᠲᠤᠭ ᠪᠠᠯᠭᠠᠰᠤᠨ ᠤ ᠤᠯᠤᠰ ᠤᠨ ᠳᠡᠰ ᠤᠨ ᠡᠷᠡᠬᠦᠯ ᠬᠠᠮᠠᠭᠠᠯᠠᠯ  ᠤᠨ ᠪᠠᠯᠭᠠᠰᠤ ᠶᠢ ᠪᠦᠲᠦᠬᠡᠨ ᠪᠠᠶᠢᠭᠤᠯᠬᠤ ᠲᠠᠶᠢᠴᠢᠯᠠᠯᠳᠠ ᠶᠢᠨ ᠶᠡᠭᠡ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2018-06-25
     ᠤᠶᠢᠷ᠎ᠠ ᠶᠢᠨ ᠡᠳᠦᠷ᠂ ᠤᠷᠳᠤᠰ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠰᠤᠷᠳᠠᠯᠴᠢᠯᠠᠭ᠎ᠠ ᠶᠢᠨ ᠭᠠᠷᠠᠭ ᠤᠨ ᠡᠬᠢᠯᠡᠯᠳᠡ ᠶᠢᠨ ᠶᠤᠰᠤᠯᠠᠯ ᠵᠢᠴᠢ ᠲᠤᠭ ᠪᠠᠯᠭᠠᠰᠤᠨ ᠤ ᠤᠯᠤᠰ ᠤᠨ ᠳᠡᠰ ᠤᠨ ᠡᠷᠡᠬᠦᠯ ᠬᠠᠮᠠᠭᠠᠯᠠᠯ ᠤᠨ ᠪᠠᠯᠭᠠᠰᠤ ᠶᠢ ᠪᠦᠲᠦᠬᠡᠨ ᠪᠠᠶᠢᠭᠤᠯᠬᠤ ᠲᠠᠶᠢᠴᠢᠯᠠᠯᠳᠠ ᠶᠢᠨ ᠶᠡᠭᠡ ᠬᠤᠷᠠᠯ ᠲᠤᠭ ᠪᠠᠯᠭᠠᠰᠤᠨ  ᠳᠤ ᠶᠠᠪᠣᠭᠳᠠᠯ᠎ᠠ᠃      ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠤᠯᠠᠭᠠᠨ᠂ ᠬᠤᠰᠢᠭᠤ ᠳᠡᠳ᠋ ᠲᠠᠷᠤᠭ᠎ᠠ ᠪᠠᠶᠠᠠᠴᠢᠮᠡᠭ᠂ ᠬᠤᠰᠢᠭᠤ ᠤᠯᠤᠰ ᠲᠦᠷᠦ ᠶᠢᠨ ᠵᠦᠪᠯᠡᠯᠭᠡᠨ  ᠤ ᠳᠡᠳ᠋ ᠲᠡᠷᠢᠬᠦᠯᠡᠭᠴᠢ ᠯᠸᠢ ᠬᠠᠰ ᠵᠢᠴᠢ  ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠯᠪᠠᠨ ᠭᠡᠷ ᠤᠨ ᠬᠠᠮᠢᠶ᠎ᠠ ᠪᠦᠬᠦᠢ ᠤᠳᠤᠷᠢᠳᠤᠯᠭ᠎ᠠ᠂  ᠬᠤᠰᠢᠭᠤ ᠡᠷᠡᠬᠦᠯ ᠬᠠᠮᠠᠭᠠᠯᠠᠯ ᠪᠠ ᠲᠦᠯᠦᠪᠯᠡᠭᠡᠲᠤ ᠬᠦᠩᠬᠡᠵᠢᠯ ᠤᠨ ᠲᠤᠪᠴᠢᠶ᠎ᠠ᠂ ᠵᠠᠬ᠎ᠠ ᠳᠡᠯᠭᠡᠬᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ᠂ ᠰᠤᠶᠤᠯ  ᠷᠠᠳᠢᠤ᠋ ᠺᠢᠨᠤ᠋ ᠲᠧᠯᠸᠢᠰ  ᠲᠤᠪᠴᠢᠶᠠᠨ ᠤ ᠬᠠᠷᠢᠭᠤᠴᠠᠯᠭᠠᠳᠠᠨ᠂ ᠲᠤᠭ ᠪᠠᠯᠭᠠᠰᠤᠨ ᠤ ᠬᠠᠮᠢᠶ᠎ᠠ ᠪᠦᠬᠦᠢ ᠤᠳᠤᠷᠢᠳᠤᠯᠭ᠎ᠠ ᠶᠤᠰᠤᠯᠠᠯ ᠳᠤ ᠤᠷᠤᠯᠴᠠᠪᠠ᠃  ᠯᠸᠢ ᠬᠠᠰ ᠠᠴᠠ ᠶᠤᠰᠤᠯᠠᠯ ᠢ ᠡᠷᠬᠢᠯᠡᠵᠣ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠤᠯᠠᠭᠠᠨ ᠠᠴᠠ ᠤᠷᠳᠤᠰ ᠬᠤᠲᠠ ᠶᠢᠨ ᠤᠯᠤᠰ  ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ  ᠰᠤᠷᠳᠠᠯᠴᠢᠯᠠᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠭᠰᠡᠨ ᠢ ᠵᠠᠷᠯᠠᠵᠤ᠂ ᠬᠤᠰᠢᠭᠤ ᠳᠡᠳ᠋ ᠲᠠᠷᠤᠭ᠎ᠠ ᠪᠠᠶᠠᠠᠴᠢᠮᠡᠭ ᠶᠠᠷᠢᠶ᠎ᠠ ᠲᠠᠯᠪᠢᠪᠠ᠃      ᠲᠡᠷᠡ ᠵᠢᠭᠠᠬᠤ ᠳᠤ ᠪᠠᠨ ᠪᠦᠬᠦ ᠬᠤᠰᠢᠭᠤ ᠪᠠᠷ ᠪᠠᠨ  ︽ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠬᠠᠮᠲᠤ  ᠪᠠᠷ ᠪᠠᠶᠢᠭᠤᠯᠵᠤ᠂ ᠬᠠᠮᠲᠤ ᠪᠠᠷ ᠡᠳ᠋ᠯᠡᠬᠦ︾ ᠭᠤᠤᠯ ᠰᠡᠳᠦᠪ ᠤᠨ ᠲᠤᠭᠤᠷᠢᠨ ᠳᠤ᠂ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠵᠢᠯ ᠤᠨ ᠠᠮᠵᠢᠯᠳᠠ ᠪᠦᠲᠦᠮᠵᠢ ᠶᠢᠨ ᠳᠡᠯᠭᠡᠨ ᠦᠵᠡᠬᠦᠯᠥᠯᠬᠡ᠂ ᠮᠡᠳᠡᠯᠭᠡ ᠶᠢᠨ ᠤᠷᠤᠯᠳᠤᠭᠠᠨ᠂ ᠤᠬᠠᠭᠤᠯᠭ᠎ᠠ ᠶᠢᠨ ᠭᠠᠷᠠᠭ ᠤᠨ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ᠂ ᠬᠤᠲᠠ ᠬᠦᠳᠡᠭᠡᠨ ᠤ ᠤᠷᠴᠢᠨ ᠲᠤᠭᠤᠷᠢᠨ ᠳᠤ  ᠶᠡᠷᠦᠩᠬᠡᠶᠢᠯᠡᠭᠰᠡᠨ ᠵᠠᠰᠠᠯᠳᠠ ᠬᠢᠬᠦ᠂ ᠬᠡᠷ ᠤᠷᠤᠨ ᠢᠶᠠᠨ ᠴᠡᠪᠠᠷᠯᠡᠬᠦ᠂ ᠬᠢᠵᠢᠭ ᠢ ᠰᠡᠷᠭᠡᠶᠢᠯᠡᠬᠦ   ᠵᠡᠷᠭᠡ ᠠᠷᠭ᠎ᠠ ᠪᠠᠷ ᠪᠤᠯᠪᠠᠰᠤᠨ ᠡᠮᠬᠢ ᠲᠢᠭᠯᠡᠮ   ᠲᠠᠢ ᠡᠷᠡᠬᠦᠯ ᠰᠠᠶᠢᠬᠠᠨ ᠤᠷᠴᠢᠨ ᠢ ᠡᠬᠦᠳᠬᠦ ᠬᠡᠷᠡᠭᠲᠠᠢ ᠬᠡᠵᠡᠢ᠃      ᠳᠣᠰ ᠣᠳᠠᠭᠠᠨ ᠤ ᠠᠵᠢᠯᠯᠠᠭᠠᠨ  ᠲᠡᠭᠡᠷ᠎ᠡ ᠪᠠᠯᠭᠠᠰᠤᠨ ᠤ ᠡᠯ᠎ᠡ ᠡᠮᠨᠡᠯᠬᠡ ᠶᠢᠨ ᠪᠠᠶᠢᠭᠤᠯᠤᠯᠭ᠎ᠠ ᠠᠴᠠ ᠲᠤᠬᠠᠢ  ᠶᠢᠨ ᠲᠠᠯᠠᠪᠠᠢ ᠳᠤ ᠡᠷᠡᠬᠦᠯ ᠮᠡᠨᠳᠦ ᠶᠢᠨ ᠮᠡᠳᠡᠯᠭᠡ ᠶᠢᠨ ᠠᠰᠠᠭᠤᠨ ᠯᠠᠪᠯᠠᠬᠤ ᠲᠠᠪᠴᠠᠩ ᠭᠠᠷᠭᠠᠵᠤ᠂ ᠤᠯᠠᠨ ᠲᠦᠮᠡᠨ  ᠳᠤ ᠦᠨ᠎ᠡ ᠲᠦᠯᠦᠪᠦᠷᠢ ᠦᠬᠡᠢ ᠴᠢᠰᠤᠨ ᠲᠠᠷᠤᠯᠳᠠ ᠶᠢ ᠨᠢ ᠪᠠᠶᠢᠴᠠᠭᠠᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠣ᠂ ᠡᠷᠡᠬᠦᠯ ᠮᠡᠨᠲᠤ   ᠤᠨ ᠮᠡᠳᠡᠯᠭᠡ᠂  ᠡᠷᠡᠬᠦᠯ ᠠᠮᠢᠳᠤᠷᠠᠯ ᠤᠨ ᠦᠵᠡᠯ ᠢ ᠪᠦᠬᠦ ᠲᠠᠯ᠎ᠠ ᠪᠠᠷ ᠤᠯᠠᠮᠵᠢᠯᠠᠭᠰᠠᠨ ᠪᠠᠶᠢᠨ᠎ᠠ᠃     ᠳᠣᠰ ᠣᠳᠠᠭᠠᠨ ᠤ ᠠᠵᠢᠯᠯᠭᠠᠨ ᠤ ᠲᠠᠷᠠᠭ᠎ᠠ ᠣᠯᠠᠭᠠᠠᠮᠦ᠋ᠴᠢᠷ ᠤᠨ ᠤᠳᠬ᠎ᠠ ᠤᠷᠠᠯᠢᠭ ᠤᠨ ᠤᠬᠠᠭᠤᠯᠭ᠎ᠠ ᠶᠢᠨ ᠠᠩᠬᠢ ᠶᠢᠨ ᠬᠢᠨ ᠤᠷᠠᠨ ᠰᠠᠶᠢᠬᠠᠨ ᠤ  ᠲᠤᠭᠯᠠᠯᠳᠠ ᠭᠠᠷᠭᠠᠭᠰᠠᠨ ᠤ ᠬᠠᠮᠲᠤ᠂ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠮᠵᠢᠯᠳᠠ ᠪᠦᠲᠦᠮᠵᠢ ᠶᠢᠨ ᠦᠵᠡᠬᠦᠯᠥᠯᠬᠡ ᠶᠢ ᠲᠠᠶᠠᠭᠠᠷ ᠤᠯᠠᠨ ᠳᠤ  ᠲᠡᠯᠭᠡᠨ ᠦᠵᠡᠬᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号