ᠮᠠᠨ ᠤ ᠬᠤᠰᠢᠭᠤ ᠡᠮᠡᠭᠳᠡᠶᠢᠴᠣᠳ ᠬᠡᠣᠬᠡᠳ ᠤᠨ ᠡᠷᠬᠡ ᠠᠰᠢᠭ ᠢ ᠬᠠᠮᠠᠭᠠᠯᠠᠬᠤ ᠮᠡᠳᠡᠯᠬᠡ ᠶᠢᠨ ᠳᠠᠶᠢᠯᠦᠮᠵᠢ ᠬᠢᠭᠰᠡᠨ ᠪᠠᠶᠢᠨ᠎ᠠ
ᠨᠡᠶᠢᠲᠡᠯᠡᠭᠰᠡᠨ ᠴᠠᠭ᠄
2018-06-25
    ᠣᠶᠢᠷ᠎ᠡ ᠶᠢᠨ ᠡᠳᠦᠷ᠂᠂ ᠬᠤᠰᠢᠭᠤ ᠡᠮᠡᠭᠳᠡᠶᠢᠴᠣᠳ ᠤᠨ ᠬᠤᠯᠪᠣᠭᠠᠲᠣ ᠬᠤᠷᠠᠯ ᠬᠤᠰᠢᠭᠤ ᠰᠣᠶᠣᠯ ᠤᠨ ᠠᠵᠢᠯᠯᠠᠭᠠᠨ ᠤ ᠲᠦᠪ ᠲᠤ ᠡᠮᠡᠭᠳᠡᠶᠢᠴᠣᠳ ᠬᠡᠣᠬᠡᠳ ᠤᠨ ᠡᠷᠬᠡ ᠠᠰᠢᠭ ᠢ ᠬᠠᠮᠠᠭᠠᠯᠠᠬᠤ ᠮᠡᠳᠡᠯᠬᠡ ᠶᠢᠨ ᠳᠠᠶᠢᠯᠦᠮᠵᠢ ᠬᠢᠭᠰᠡᠨ ᠪᠠᠶᠢᠨ᠎ᠠ᠃     ᠡᠯ᠎ᠡ ᠰᠣᠮᠣ ᠪᠠᠯᠭᠠᠰᠣᠨ ᠤ ᠡᠮᠡᠭᠳᠡᠶᠢᠴᠣᠳ ᠤᠨ ᠬᠤᠯᠪᠣᠭᠠᠲᠣ ᠬᠤᠷᠠᠯ ᠤᠨ ᠳᠡᠷᠢᠬᠦᠯᠡᠭᠴᠢ᠂  ᠡᠯ᠎ᠡ ᠭᠠᠴᠠᠭ᠎ᠠ ᠳᠣᠰᠬᠤᠨ ᠨᠡᠶᠢᠬᠡᠮ ᠳᠣᠭᠤᠷᠢᠭ ᠤᠨ ᠡᠮᠡᠭᠳᠡᠶᠢᠴᠣᠳ ᠤᠨ ᠳᠦᠯᠦᠭᠡᠯᠡᠭᠴᠢ ᠶᠢᠨ ᠬᠤᠷᠠᠯ ᠤᠨ ᠡᠷᠬᠢᠯᠡᠭᠴᠢ᠂ ᠬᠤᠰᠢᠭᠤ ᠡᠯ᠎ᠡ ᠰᠢᠭᠤᠳ ᠬᠠᠷᠢᠶ᠎ᠠ ᠠᠯᠪᠠᠨ ᠪᠠᠶᠢᠭᠤᠯᠭ᠎ᠠ ᠶᠢᠨ ᠡᠮᠡᠭᠳᠡᠶᠢᠴᠣᠳ ᠤᠨ  ᠵᠥᠪᠯᠠᠯ ᠤᠨ ᠡᠷᠭᠢᠯᠡᠭᠴᠢ ᠵᠢᠴᠢ ᠬᠤᠰᠢᠭᠤ ᠡᠮᠡᠭᠳᠡᠶᠢᠴᠣᠳ ᠤᠨ ᠬᠤᠯᠪᠣᠭᠠᠲᠣ ᠬᠤᠷᠠᠯ ᠤᠨ ᠪᠦᠬᠦ ᠺᠠᠳ᠋ᠷ ᠠᠵᠢᠯᠳᠠᠳ430 ᠭᠠᠷᠣᠢ ᠬᠦᠮᠦᠨ ᠳᠠᠶᠢᠯᠣᠮᠵᠢ ᠰᠣᠨᠣᠰᠪᠠ᠃  ᠠᠵᠢᠯᠯᠠᠭᠠᠨ ᠳᠤ᠂ ᠦᠪᠦᠷ ᠮᠣᠩᠭᠤᠯ ᠤᠨ ᠶᠡᠭᠡ ᠰᠣᠷᠭᠠᠭᠤᠯᠢ ᠶᠢᠨ ᠬᠠᠣᠯᠢᠴᠢ ᠶᠢᠨ ᠭᠠᠵᠠᠷ ᠤᠨ ᠬᠠᠣᠯᠢᠴᠢ ᠶᠢ ᠣᠷᠢᠵᠣ ᠡᠮᠡᠭᠳᠡᠶᠢᠴᠣᠳ ᠬᠡᠣᠬᠡᠳ ᠤᠨ ᠡᠷᠬᠡ ᠠᠰᠢᠭ   ᠢ ᠬᠠᠮᠠᠭᠠᠯᠠᠬᠤ᠂ ᠬᠡᠷ ᠪᠦᠯᠢ ᠶᠢᠨ ᠬᠦᠴᠦᠷᠬᠡᠭᠯᠡᠯ ᠢ ᠰᠡᠷᠬᠡᠶᠢᠯᠡᠨ ᠡᠰᠡᠷᠬᠦᠴᠡᠬᠦ᠂ ᠬᠠᠣᠯᠢ ᠶᠢᠨ ᠮᠡᠳᠡᠯᠬᠡ ᠪᠠᠨ ᠳᠡᠭᠡᠭᠰᠢᠯᠡᠬᠦᠯᠦᠨ᠂ ᠬᠠᠣᠯᠢ ᠶᠣᠰᠣᠭᠠᠷ ᠪᠡᠶ᠎ᠡ ᠪᠠᠨ ᠬᠠᠮᠠᠭᠠᠯᠠᠬᠤ ᠳᠣᠬᠠᠢ ᠳᠣᠰᠬᠠᠢ ᠰᠡᠳᠣᠪᠲᠣ ᠳᠠᠶᠢᠯᠣᠮᠵᠢ  ᠬᠢᠭᠰᠡᠨ ᠪᠠᠶᠢᠨ᠎ᠠ᠃     ᠳᠠᠶᠢᠯᠣᠮᠵᠢ ᠪᠠᠷ ᠳᠠᠮᠵᠢᠨ᠂ ᠡᠮᠡᠭᠳᠡᠶᠢᠴᠣᠳ ᠬᠡᠣᠬᠡᠳ ᠤᠨ ᠬᠤᠯᠪᠣᠭᠳᠠᠯ ᠪᠦᠬᠦᠢ ᠬᠠᠣᠯᠢ ᠶᠢᠨ ᠣᠬᠠᠭᠤᠯᠭ᠎ᠠ   ᠶᠢ ᠴᠢᠬᠤᠯᠠᠴᠢᠯᠠᠵᠣ᠂ ᠬᠠᠣᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠣᠬᠠᠮᠰᠠᠷ ᠢ ᠳᠡᠭᠡᠭᠰᠢᠯᠡᠬᠦᠯᠦᠨ᠂ ᠠᠶᠢᠯ ᠬᠡᠷ ᠡᠶ᠎ᠡ ᠡᠪᠳᠡᠢ᠂ ᠨᠡᠶᠢᠬᠡᠮ ᠠᠬᠤᠢ ᠡᠶ᠎ᠡ ᠵᠣᠬᠢᠴᠠᠯ ᠲᠠᠢ ᠪᠠᠶᠢᠬᠤ ᠶᠢ ᠠᠬᠢᠭᠤᠯᠣᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号