ᠮᠠᠨ ᠤ ᠬᠤᠰᠢᠭᠤ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠳᠠ ᠶᠢ | ᠠᠬᠢᠭᠤᠯᠵᠤ᠂ ᠪᠦᠬᠦ ᠠᠷᠠᠳ ᠢᠶᠠᠷ ᠢᠶᠠᠨ ᠨᠤᠮ ᠤᠩᠰᠢᠬᠤ ᠶᠢ ᠲᠠᠶᠢᠴᠢᠯᠠᠨ ᠨᠤᠮ ᠤᠨ ᠡᠬᠢ ᠪᠠᠶᠠᠯᠢᠭ ᠢ ᠬᠠᠮᠳᠤᠪᠠᠷ | ᠡᠳ᠋ᠯᠡᠬᠦ ᠶᠢ ᠲᠦᠷᠬᠡᠳᠬᠡᠵᠦ ᠦᠨᠳᠦᠰᠦᠨ ᠱᠠᠳᠤᠨ ᠤ ᠰᠤᠶᠤᠯ ᠤᠨ ᠠᠮᠢᠳᠤᠷᠠᠯ ᠢ ᠬᠦᠭᠵᠢᠬᠡᠬᠦ ᠶᠢᠨ ᠳᠣᠰᠠᠳᠠ | ᠭᠠᠴᠠᠭ᠎ᠠ ᠲᠤᠰᠬᠤᠨ ᠤ ᠰᠤᠶᠤᠯ ᠤᠨ ᠬᠡᠷ ᠤᠨ ᠦᠢᠯᠡᠴᠢᠯᠡᠭᠴᠢ ᠳᠤ ᠲᠤᠰᠬᠠᠢ ᠪᠤᠯᠪᠠᠰᠤᠷᠠᠯ ᠬᠦᠷᠳᠡᠬᠡᠬᠦ᠂ ᠬᠠᠳᠠᠭᠤ | ᠵᠦᠬᠡᠯᠡᠨ ᠲᠤᠨᠤᠭ ᠲᠦᠬᠦᠬᠡᠷᠦᠮᠵᠢ ᠬᠠᠩᠭᠠᠬᠤ᠂ ᠨᠤᠮ ᠰᠤᠳᠤᠷ ᠢ ᠨᠢᠬᠡᠳᠦᠯᠳᠡᠢ ᠠᠪᠴᠤ ᠦᠭᠬᠦ ᠵᠡᠷᠬᠡ ᠠᠷᠭ᠎ᠠ ᠪᠠᠷᠢᠯ | ᠢᠶᠠᠷ ᠨᠤᠮ ᠵᠢᠬᠡᠯᠡᠵᠦ ᠪᠤᠴᠠᠭᠠᠬᠤ ᠠᠵᠢᠯ ᠢ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠤᠰᠬᠤᠨ ᠨᠡᠶᠢᠬᠡᠮ | ᠲᠤᠭᠤᠷᠢᠭ ᠭᠤᠷᠪᠠᠨ ᠱᠠᠳᠤᠨ ᠳᠤ ᠪᠦᠷ ᠬᠦᠢᠴᠡᠳᠬᠡᠵᠦ ᠲᠡᠶᠢᠯᠬᠦ ᠠᠵᠢᠯ ᠢ ᠡᠬᠢᠯᠡᠨ ᠬᠡᠷᠡᠭᠵᠢᠬᠦᠯᠥᠬᠡᠳ ᠨᠠᠯᠢᠶᠠᠳ | ᠰᠠᠶᠢᠨ ᠦᠷ᠎ᠡ ᠪᠦᠳᠣᠮᠵᠢ ᠲᠠᠢ ᠪᠣᠯᠵᠣ᠂ ᠳᠣᠰ ᠠᠵᠢᠯ ᠲᠦᠷᠥᠯ ᠨᠢ ᠭᠠᠴᠠᠭ᠎ᠠ ᠲᠤᠰᠬᠤᠨ᠂ ᠰᠤᠮᠤ ᠪᠠᠯᠭᠠᠰᠤᠨ ᠤ | ᠨᠤᠮ ᠤᠨ ᠦᠷᠦᠬᠡᠨ ᠳᠤ ᠦᠬᠡᠢ ᠨᠤᠮ ᠢ ᠡᠨᠡᠬᠦ ᠲᠠᠪᠴᠠᠩ ᠢᠶᠠᠷ ᠲᠠᠮᠵᠢᠵᠤ ᠬᠤᠰᠢᠭᠤᠨ ᠤ ᠪᠠᠨ ᠨᠤᠮ ᠤᠨ ᠰᠠᠩ | ᠠᠴᠠ ᠵᠢᠬᠡᠯᠡᠵᠦ ᠲᠡᠶᠢᠯᠳᠡᠭ ᠪᠤᠯᠤᠭᠰᠠᠨ ᠠᠴᠠ ᠲᠡᠳᠡᠨ ᠤ ᠮᠡᠳᠡᠯᠬᠡ ᠮᠡᠷᠬᠡᠵᠢᠯ ᠢᠶᠠᠨ ᠳᠡᠬᠡᠭᠰᠢᠯᠡᠬᠦᠯᠥᠨ | ᠦᠢᠯᠡᠳᠪᠤᠷᠢᠯᠡᠯ ᠠᠮᠢᠳᠤᠷᠠᠯ ᠳᠠᠬᠢ ᠬᠡᠷᠡᠭᠴᠡᠭᠡ ᠶᠢ ᠤᠯᠠᠨ ᠲᠠᠯ᠎ᠠ ᠠᠴᠠ ᠬᠠᠩᠭᠠᠵᠤ ᠲᠡᠶᠢᠯᠬᠦ ᠪᠣᠯᠣᠭᠰᠠᠨ ᠪᠠᠶᠢᠨ᠎ᠠ᠃ | | ᠳᠣᠰ ᠠᠵᠢᠯ ᠢ 2018 ᠤᠨ ᠤ ᠵᠢᠯ ᠤᠨ ᠡᠴᠦᠰ ᠪᠤᠯᠬᠤ ᠳᠤ 61 ᠭᠠᠴᠠᠭ᠎ᠠ ᠲᠤᠰᠬᠤᠨ᠂ 6 ᠪᠠᠯᠭᠠᠰᠣᠨ | ᠳᠤ ᠨᠡᠶᠢᠳᠡᠮᠵᠢᠬᠦᠯᠬᠦ ᠪᠠᠷ ᠪᠠᠶᠢᠨ᠎ᠠ᠃ |