ᠬᠤᠷᠠᠭ᠎ᠠ ᠶᠢ ᠰᠢᠨᠵᠢᠯᠡᠭᠦ ᠤᠬᠠᠭᠠᠨᠴᠢ ᠪᠠᠷ ᠠᠷᠠᠴᠢᠯᠠᠨ ᠳᠡᠵᠢᠭᠡᠭᠦ ᠠᠷᠭ᠎ᠠ
ᠨᠡᠶᠢᠲᠡᠯᠡᠭᠰᠡᠨ ᠴᠠᠭ᠄
2018-06-25
   ᠨᠢᠯᠬ᠎ᠠ ᠬᠤᠷᠠᠭ᠎ᠠ ᠶᠢᠨ ᠪᠡᠶ᠎ᠡ ᠶᠢᠨ ᠲᠤᠯᠠᠭᠠᠨ ᠢᠶᠠᠨ ᠲᠤᠭᠢᠷᠠᠭᠤᠯᠬᠤ ᠴᠢᠳᠠᠪᠤᠷᠢ ᠨᠢ ᠳᠡᠶᠢᠮᠤ ᠰᠠᠶᠢᠨ ᠪᠢᠰᠢ᠂ ᠡᠪᠡᠳᠴᠢᠨ ᠭᠡᠮ ᠪᠠ ᠭᠦᠢᠳᠡᠨ ᠢ ᠡᠰᠡᠷᠭᠦᠴᠡᠭᠦ ᠴᠢᠳᠠᠪᠤᠷᠢ ᠨᠢ ᠲᠤᠷᠤᠢ ᠪᠤᠯᠬᠤᠷ ᠡᠭᠡ ᠠᠴᠠ ᠪᠠᠨ ᠭᠠᠷᠤᠬᠰᠠᠨ ᠤ ᠳᠠᠷᠠᠭᠠᠭᠢ ᠨᠢᠭᠡ ᠭᠠᠷᠠᠭ ᠤᠨ ᠲᠤᠳᠤᠷ᠎ᠠ ᠦᠭᠦᠬᠦ ᠨᠤᠷᠮ᠎ᠠ ᠨᠢ ᠦᠨᠳᠤᠷ ᠪᠠᠶᠢᠳᠠᠭ᠃ ᠳᠡᠶᠢᠮᠤ ᠠᠴᠠ ᠠᠷᠠᠴᠢᠯᠠᠭ᠎ᠠ ᠲᠡᠵᠢᠭᠡᠯᠭᠡ ᠶᠢᠨ ᠳᠠᠯ᠎ᠠ ᠪᠠᠷ ᠤᠨᠴᠠ ᠠᠩᠬᠠᠷᠬᠤ ᠭᠡᠷᠡᠭᠳᠠᠢ ᠪᠠᠶᠢᠳᠠᠭ᠃ ᠬᠤᠷᠠᠭᠠᠨ ᠤ ᠦᠰᠤᠯᠳᠡ ᠶᠢ ᠲᠠᠭᠠᠯᠳᠤᠨ ᠡᠭᠡ ᠮᠠᠯ ᠤᠨ ᠰᠦ ᠨᠢ  ᠭᠦᠷᠦᠯᠴᠡᠭᠦ ᠦᠭᠡᠢ ᠪᠠᠶᠢᠳᠠᠯ ᠦᠷᠭᠦᠯᠵᠢ ᠭᠠᠷᠳᠠᠭ ᠲᠤᠯᠠ ᠡᠮ᠎ᠡ ᠬᠤᠨᠢᠨ ᠳᠤ ᠴᠠᠭ ᠲᠤᠬᠠᠢ ᠳᠤᠨᠢ ᠨᠦᠭᠦᠪᠤᠷᠢ ᠪᠤᠷᠳᠤᠭ᠎ᠠ ᠨᠡᠮᠡᠨ ᠦᠭᠴᠤ᠂ ᠵᠤᠭᠢᠬᠤ ᠴᠠᠭ ᠬᠤᠭᠤᠴᠠᠭ᠎ᠠ ᠦᠡᠭᠭᠡᠷᠡᠭᠰᠡᠨ ᠤ ᠰᠡᠭᠦᠯᠡᠷ ᠬᠤᠷᠠᠭ᠎ᠠ ᠶᠢ ᠰᠦ ᠠᠴᠠ ᠨᠢ ᠰᠠᠯᠭᠠᠨ᠎ᠠ᠃ ᠬᠤᠷᠠᠭ᠎ᠠ ᠪᠤᠶᠢᠵᠢᠭᠤᠯᠬᠤ ᠳᠤ ︽ᠭᠤᠷᠪᠠᠨ ᠡᠷᠳᠡ︾ ︵ᠲᠠᠷᠤᠢ ᠡᠷᠳᠡ ᠤᠭᠤᠷᠠᠭ ᠤᠭᠵᠢᠬᠤ᠂ ᠡᠷᠳᠡ ᠪᠤᠷᠳᠤᠭ᠎ᠠ ᠪᠠᠷ ᠲᠡᠵᠢᠭᠡᠭᠦ ᠪᠠ ᠡᠷᠳᠡ ᠰᠦ ᠠᠴᠠ ᠨᠢ ᠰᠠᠯᠭᠠᠬᠤ︶᠂ ︽ᠭᠤᠷᠪᠠ ᠶᠢ ᠪᠠᠶᠢᠴᠠᠭᠠᠬᠤ︾ ︵ᠢᠳᠡᠰᠢᠨ ᠤ ᠲᠤᠷᠠᠰᠢᠯ ᠢ ᠪᠠᠶᠢᠴᠠᠭᠠᠬᠤ᠂ ᠴᠤᠭ ᠰᠦᠯᠳᠡ ᠶᠢ ᠪᠠᠶᠢᠴᠠᠭᠠᠬᠤ ᠪᠠ ᠢᠯᠭᠠᠳᠠᠰᠤ ᠶᠢ ᠨᠢ ᠪᠠᠶᠢᠴᠠᠭᠠᠬᠤ︶ ᠶᠢ ᠪᠠᠷᠢᠮᠳᠠᠯᠠᠪᠠᠯ᠂ ᠬᠤᠷᠠᠭᠠᠨ ᠤ ᠤᠨᠳᠤᠷᠤᠯᠳᠠ ᠶᠢᠨ ᠨᠤᠷᠮ᠎ᠠ ᠶᠢ ᠵᠤᠭᠢᠬᠤ ᠭᠡᠮᠵᠢᠶ᠎ᠡ ᠪᠠᠷ ᠲᠡᠭᠡᠭᠰᠢᠯᠡᠭᠦᠯᠵᠤ ᠴᠢᠳᠠᠨ᠎ᠠ ᠭᠡᠳᠡᠭ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ᠃        ︵ᠨᠢᠭᠡ︶ ᠬᠤᠷᠠᠭᠠᠯᠠᠭᠰᠠᠨ ᠤ ᠲᠠᠷᠠᠭᠠᠭᠢ 1 — 3 ᠡᠳᠤᠷ ᠲᠤᠰ ᠬᠤᠭᠤᠴᠠᠭᠠᠨ ᠳᠤ ᠬᠤᠷᠠᠭ᠎ᠠ ᠶᠢᠨ ᠤᠭᠤᠷᠠᠭ ᠰᠦ ᠨᠢ ᠭᠦᠷᠦᠯᠴᠡᠭᠦ ᠡᠰᠡᠭᠦ ᠪᠡ ᠭᠡᠭᠡᠯ ᠤᠨ ᠵᠤᠩᠭᠠᠭ ᠭᠠᠳᠠᠭᠰᠢᠯᠠᠭᠰᠠᠨ ᠡᠰᠡᠭᠦ ᠶᠢ ᠭᠤᠤᠯ ᠠᠩᠬᠠᠷᠤᠨ᠎ᠠ᠃ ᠡᠬᠡ ᠮᠠᠯ ᠤᠨ ᠤᠭᠤᠷᠠᠭ ᠰᠦᠨ ᠳᠤ ᠤᠭᠤᠷᠠᠭ᠂ ᠦᠭᠡᠭᠦ᠂ ᠪᠠᠺᠲ᠋ᠧᠷᠢ ᠶᠢ ᠡᠰᠡᠷᠭᠦᠴᠡᠭᠦ ᠪᠤᠳᠠᠰ ᠡᠯᠪᠡᠭ ᠪᠠᠶᠢᠳᠠᠭ ᠪᠦᠭᠡᠳ ᠪᠠᠰᠠ ᠶᠡᠭᠡ ᠭᠡᠮᠵᠢᠶᠡᠨ ᠤ ᠮᠠᠩᠭᠠᠨ ᠤ ᠲᠠᠪᠤᠰᠤᠯᠢᠭ ᠪᠤᠳᠠᠰ ᠠᠭᠤᠯᠤᠭᠳᠠᠵᠤ ᠪᠠᠶᠢᠳᠠᠭ᠃ ᠡᠳᠡᠭᠡᠷ ᠪᠤᠳᠠᠰ ᠨᠢ ᠬᠤᠷᠠᠭᠠᠨ ᠤ ᠪᠡᠶ᠎ᠡ ᠴᠤᠭᠴᠠ ᠶᠢ ᠴᠢᠭᠢᠷᠠᠭᠵᠢᠭᠤᠯᠵᠤ᠂ ᠡᠪᠡᠳᠴᠢᠨ ᠭᠡᠮ ᠢ ᠡᠰᠡᠷᠭᠦᠴᠡᠭᠦ ᠪᠤᠯᠤᠨ ᠭᠡᠭᠡᠯ ᠤᠨ ᠵᠤᠩᠭᠠᠭ ᠢ ᠭᠠᠳᠠᠭᠰᠢᠯᠠᠭᠤᠯᠬᠤ ᠳᠤ ᠴᠢᠬᠤᠯᠠ ᠦᠢᠯᠡᠳᠤᠯ ᠦᠵᠡᠭᠦᠯᠳᠡᠭ᠃ ᠡᠶᠢᠮᠤ ᠠᠴᠠ ᠨᠢᠯᠬ᠎ᠠ ᠬᠤᠷᠠᠭ᠎ᠠ ᠳᠤ ᠡᠷᠭᠡᠪᠰᠢ ᠤᠭᠤᠷᠠᠭ ᠰᠦ ᠶᠢ ᠨᠢ ᠭᠦᠢᠴᠡᠳ ᠭᠦᠭᠦᠭᠦᠯᠭᠦ ᠭᠡᠷᠡᠭᠳᠡᠢ᠃        ︵ᠬᠤᠶᠠᠷ︶ ᠬᠤᠷᠠᠭᠠᠯᠠᠭᠰᠠᠨ ᠤ ᠲᠠᠷᠠᠭᠠᠭᠢ 3 — 7 ᠡᠳᠤᠷ ᠲᠤᠰ ᠬᠤᠭᠤᠴᠠᠭᠠᠨ ᠳᠤ ᠡᠬᠡ ᠮᠠᠯ ᠪᠠ ᠬᠤᠷᠠᠭ᠎ᠠ ᠶᠢ ᠪᠡᠯᠴᠢᠭᠡᠷ ᠲᠤ ᠭᠠᠷᠭᠠᠨ ᠬᠠᠷᠢᠭᠤᠯᠵᠤ ᠪᠤᠯᠬᠤ ᠪᠤᠯᠪᠠᠴᠤ ᠬᠤᠷᠠᠭᠠᠨ ᠤ ᠭᠦᠭᠦᠯᠳᠡ ᠭᠦᠢᠴᠡᠳ ᠪᠠᠶᠢᠬᠤ ᠶᠢ ᠪᠠᠳᠤᠯᠠᠬᠤ ᠭᠡᠷᠡᠭᠳᠡᠢ᠃ ᠰᠤᠳᠤᠯᠭᠠᠨ ᠢ ᠦᠨᠳᠤᠰᠤᠯᠡᠪᠡᠯ᠂ ᠬᠤᠷᠠᠭᠠᠯᠠᠬᠰᠠᠨ ᠤ ᠳᠠᠷᠠᠭᠠᠭᠢ 7 ᠬᠤᠨᠤᠭ ᠤᠨ ᠲᠤᠳᠤᠷ᠎ᠠ ᠬᠤᠷᠠᠭᠠᠨ ᠤ ᠦᠭᠦᠯᠳᠡ ᠶᠢᠨ ᠨᠤᠷᠮ᠎ᠠ ᠨᠢ 85% ᠠᠴᠠ ᠲᠡᠭᠡᠭᠰᠢ ᠪᠠᠶᠢᠳᠠᠭ᠃ ᠡᠭᠦᠨ ᠤ ᠭᠤᠤᠯ ᠰᠢᠯᠳᠠᠭᠠᠨ ᠨᠢ ᠬᠤᠷᠠᠭ᠎ᠠ ᠭᠢᠯᠪᠠᠷᠬᠠᠨ ᠠᠭᠤᠰᠭᠢᠨ ᠦᠷᠪᠢᠰᠤᠯ᠂ ᠬᠤᠳᠤᠭᠤᠳᠤ ᠭᠡᠳᠡᠰᠤᠨ ᠤ ᠦᠷᠪᠢᠰᠤᠯ᠂ ᠭᠦᠢᠰᠤᠨ ᠤ ᠦᠷᠪᠢᠰᠤᠯ ᠪᠠ ᠴᠢᠴᠠᠭ᠎ᠠ ᠠᠯᠳᠠᠬᠤ ᠵᠡᠷᠭᠡ ᠡᠪᠡᠳᠴᠢᠨ ᠤᠯᠳᠠᠭ ᠠᠴᠠ ᠪᠤᠯᠤᠭᠰᠠᠨ ᠶᠤᠮ᠃ ᠡᠶᠢᠮᠤ ᠠᠴᠠ ᠬᠤᠨᠢᠨ ᠤ ᠬᠠᠰᠢᠶ᠎ᠠ ᠰᠠᠷᠠᠪᠴᠢ᠂ ᠪᠡᠶ᠎ᠡ ᠶᠢᠨ ᠠᠷᠢᠭᠤᠨ ᠴᠡᠪᠡᠷ ᠢ ᠰᠠᠶᠢᠳᠤᠷ ᠭᠢᠵᠤ᠂ ᠦᠷᠭᠦᠯᠵᠢ ᠰᠠᠯᠭᠢ ᠨᠡᠪᠳᠡᠷᠡᠭᠦᠯᠭᠦ ᠶᠢ ᠠᠩᠬᠠᠷᠴᠤ᠂ ᠬᠤᠷᠠᠭ᠎ᠠ ᠪᠠᠨ ᠳᠤᠬᠳᠠᠬᠰᠠᠨ ᠴᠠᠭ ᠲᠤ ᠳᠤᠬᠳᠠᠬᠰᠠᠨ ᠭᠡᠮᠵᠢᠶ᠎ᠡ ᠲᠠᠢ ᠭᠦᠭᠦᠭᠦᠯᠭᠦ ᠭᠡᠷᠡᠭᠳᠠᠢ᠃       ︵ᠭᠤᠷᠪᠠ︶ ᠬᠤᠷᠠᠭᠠᠯᠠᠭᠰᠠᠨ ᠤ ᠲᠠᠷᠠᠭᠠᠭᠢ 7 — 10 ᠡᠳᠤᠷ ᠲᠤᠰ ᠬᠤᠭᠤᠴᠠᠭᠠᠨ ᠳᠤ ᠬᠠᠭᠤᠷᠠᠢ ᠡᠪᠡᠰᠤ ᠪᠠᠷ ᠲᠡᠵᠢᠭᠡᠵᠦ ᠤᠰᠤᠯᠠᠨ᠎ᠠ᠃ ᠬᠤᠷᠠᠭᠠᠨ ᠤ ᠬᠠᠰᠢᠶ᠎ᠠ ᠰᠠᠷᠠᠪᠴᠢ ᠳᠤ ᠦᠷᠭᠦᠯᠵᠢ ᠬᠠᠭᠤᠷᠠᠢ ᠭᠦᠭᠡ ᠡᠪᠡᠰᠤ᠂ ᠭᠡᠮᠭᠡᠯᠡᠭᠰᠡᠨ ᠪᠤᠷᠳᠤᠭ᠎ᠠ᠂ ᠢᠳᠡᠭᠡᠨ ᠤ ᠲᠠᠪᠤᠰᠤ᠂ ᠤᠰᠤ ᠵᠡᠷᠭᠡ ᠶᠢ ᠪᠡᠯᠡᠳᠭᠡᠵᠤ᠂ ᠬᠤᠷᠠᠭ᠎ᠠ ᠶᠢ ᠡᠪᠡᠰᠤ ᠪᠤᠷᠳᠤᠭ᠎ᠠ ᠢᠳᠡᠭᠦᠯᠵᠦ ᠰᠤᠷᠭᠠᠬᠤ ᠭᠡᠷᠡᠭᠳᠡᠢ᠃  ︵ᠲᠦᠷᠪᠡ︶ ᠬᠤᠷᠠᠭᠠᠯᠠᠭᠰᠠᠨ ᠤ ᠲᠠᠷᠠᠭᠠᠭᠢ 10 — 20 ᠡᠳᠤᠷ ᠬᠤᠷᠠᠭᠠᠨ ᠤ ᠢᠳᠡᠰᠢᠯᠡᠭᠦ ᠬᠡᠮᠵᠢᠶ᠎ᠡ ᠶᠢᠨ ᠨᠡᠮᠡᠭᠳᠡᠭᠦ ᠶᠢ ᠲᠠᠭᠠᠯᠳᠤᠨ᠂ ᠬᠤᠷᠠᠭᠠᠯᠠᠭᠰᠠᠨ ᠤ ᠲᠠᠷᠠᠭᠠᠭᠢ ᠬᠠᠭᠠᠰ ᠰᠠᠷ᠎ᠠ ᠠᠴᠠ ᠡᠭᠢᠯᠡᠨ ᠬᠤᠯᠢᠮᠠᠭ ᠲᠡᠵᠢᠭᠡᠯ ᠪᠤᠷᠳᠤᠭ᠎ᠠ ᠨᠦᠭᠦᠪᠤᠷᠢᠯᠡᠵᠤ ᠦᠭᠪᠡᠯ ᠵᠤᠭᠢᠨ᠎ᠠ᠃ ᠲᠡᠵᠢᠭᠡᠭᠦ ᠭᠡᠮᠵᠢᠶ᠎ᠡ ᠶᠢ ᠪᠡᠶ᠎ᠡ ᠶᠢᠨ ᠦᠰᠦᠯᠳᠡ ᠨᠡᠮᠡᠭᠳᠡᠭᠦ ᠶᠢ ᠲᠠᠭᠠᠯᠳᠤᠭᠤᠯᠵᠤ ᠲᠤᠭᠢᠷᠠᠭᠤᠯᠤᠨ᠎ᠠ᠃ ᠶᠡᠷᠦ ᠳᠡᠭᠡᠨ ᠬᠠᠭᠠᠰ ᠰᠠᠷ᠎ᠠ ᠪᠤᠯᠤᠭᠰᠠᠨ ᠬᠤᠷᠠᠭ᠎ᠠ ᠳᠤ 50 — 75 ᠭᠷᠡᠮ ᠪᠤᠷᠳᠤᠭ᠎ᠠ᠂ 30 — 60 ᠡᠳᠤᠷ ᠪᠤᠯᠤᠬᠰᠠᠨ ᠬᠤᠷᠠᠭ᠎ᠠ ᠳᠤ 100 ᠭᠷᠡᠮ ᠪᠤᠷᠳᠤᠭ᠎ᠠ᠂ 60 — 90 ᠡᠳᠤᠷ ᠪᠤᠯᠤᠬᠰᠠᠨ ᠬᠤᠷᠠᠭ᠎ᠠ ᠳᠤ 200 ᠭᠷᠡᠮ ᠪᠤᠷᠳᠤᠭ᠎ᠠ᠂ 90 — 120 ᠡᠳᠤᠷ ᠪᠤᠯᠤᠬᠰᠠᠨ ᠬᠤᠷᠠᠭ᠎ᠠ ᠳᠤ 250 ᠭᠷᠡᠮ ᠪᠤᠷᠳᠤᠭ᠎ᠠ ᠦᠭᠳᠡᠭ᠃  ︵ᠲᠠᠪᠤ︶ ᠬᠤᠷᠠᠭᠠᠯᠠᠭᠰᠠᠨ ᠤ ᠲᠠᠷᠠᠭᠠᠭᠢ 90 — 120 ᠡᠳᠤᠷ ᠲᠤᠰ ᠬᠤᠭᠤᠴᠠᠭᠠᠨ ᠳᠤ ᠦᠰᠦᠯᠳᠡ ᠪᠤᠶᠢᠵᠢᠯᠳᠡ ᠶᠢ ᠦᠨᠳᠤᠰᠤᠯᠡᠵᠤ ᠰᠦ ᠠᠴᠠ ᠨᠢ ᠰᠠᠯᠭᠠᠨ᠎ᠠ᠃ ᠰᠦ ᠠᠴᠠ ᠨᠢ ᠲᠦᠷᠭᠡᠨ ᠰᠠᠯᠭᠠᠬᠤ ᠪᠠ ᠠᠭᠠᠵᠢᠮ ᠢᠶᠠᠷ ᠰᠠᠯᠭᠠᠬᠤ ᠭᠡᠵᠤ ᠬᠤᠶᠠᠷ ᠵᠦᠢᠯ ᠤᠨ ᠠᠷᠭ᠎ᠠ ᠪᠠᠶᠢᠳᠠᠭ᠃ ᠡᠭᠦᠨ ᠤ ᠬᠠᠮᠳᠤ ᠬᠤᠷᠠᠭᠠᠨ ᠤ ᠦᠰᠦᠯᠳᠡ ᠪᠤᠶᠢᠵᠢᠯᠳᠡ ᠶᠢᠨ ᠪᠠᠶᠢᠳᠠᠯ ᠢ ᠦᠨᠳᠤᠰᠤᠯᠡᠵᠤ ᠰᠦ ᠠᠴᠠ ᠨᠢ ᠰᠠᠯᠭᠠᠬᠤ ᠴᠠᠭ ᠢ ᠤᠷᠢᠳᠴᠢᠯᠠᠭᠤᠯᠬᠤ ᠪᠠ ᠬᠤᠶᠢᠰᠢᠯᠠᠭᠤᠯᠵᠦ ᠪᠤᠯᠤᠨ᠎ᠠ᠃ ᠰᠦ ᠠᠴᠠ ᠰᠠᠯᠭᠠᠬᠤ ᠦᠶ᠎ᠡ ᠳᠤ ᠡᠳᠤᠷ ᠪᠦᠷᠢ ᠡᠷᠳᠡ ᠤᠷᠤᠢ ᠬᠤᠶᠠᠷ ᠤᠳᠠᠭ᠎ᠠ ᠭᠦᠭᠦᠭᠦᠯᠵᠤ᠂ ᠡᠪᠡᠰᠤ ᠪᠤᠷᠳᠤᠭ᠎ᠠ ᠪᠠᠷ ᠲᠡᠵᠢᠭᠡᠭᠦ ᠤᠳᠠᠭ᠎ᠠ ᠪᠠᠨ ᠨᠡᠮᠡᠭᠳᠡᠭᠦᠯᠤᠨ᠂ ᠬᠤᠷᠠᠭ᠎ᠠ ᠶᠢᠨ ᠭᠦᠭᠦᠭᠦ ᠲᠤᠭ᠎ᠠ ᠭᠡᠮᠵᠢᠶ᠎ᠡ ᠶᠢ ᠪᠠᠭᠠᠰᠬᠠᠨ᠎ᠠ᠃ ᠡᠩ ᠤᠨ ᠪᠠᠶᠢᠳᠠᠯ ᠳᠤ 7 — 10 ᠡᠳᠤᠷ ᠲᠤ ᠰᠦ ᠠᠴᠠ ᠨᠢ ᠪᠦᠷᠢᠮᠤᠰᠤᠨ ᠰᠠᠯᠭᠠᠵᠤ ᠲᠡᠶᠢᠯᠤᠨ᠎ᠠ᠃ ᠲᠦᠯ ᠲᠤᠰᠬᠤ ᠴᠠᠭ ᠨᠢ ᠨᠡᠯᠢᠶᠡᠳ ᠲᠦᠪᠯᠡᠷᠡᠭᠰᠡᠨ ᠪᠤᠶᠤ ᠡᠬᠡ ᠮᠠᠯ ᠤᠨ ᠰᠦ ᠭᠦᠷᠦᠯᠴᠡᠭᠦ ᠦᠭᠡᠢ ᠪᠠᠶᠢᠳᠠᠯ ᠲᠤᠤᠷ᠎ᠠ ᠬᠠᠮᠤᠭ ᠰᠠᠶᠢᠨ ᠨᠢ ᠰᠦ ᠠᠴᠠ ᠨᠢ ᠲᠦᠷᠭᠡᠨ ᠰᠠᠯᠭᠠᠬᠤ ᠠᠷᠭ᠎ᠠ ᠶᠢ ᠠᠪᠤᠪᠠᠯ ᠵᠤᠬᠢᠨ᠎ᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号