ᠭᠠᠯᠠᠭᠤᠳᠣ ᠪᠠᠯᠭᠠᠰᠣᠨ ᠤ ᠷᠠᠰᠢᠶᠠᠨ ᠳᠣᠬᠤᠢ ᠲᠤᠰᠬᠤᠨ 2018 ᠤᠨ ᠤ ᠪᠦᠬᠦ ᠤᠷᠤᠨ ᠤ ᠰᠢᠨ᠎ᠠ ᠮᠠᠯᠵᠢᠬᠤ ᠳᠠᠷᠢᠶᠠᠯᠠᠬᠤ ᠤᠷᠤᠨ ᠤ ︵ᠭᠦᠳᠡᠭᠡ ᠲᠤᠰᠬᠤᠨ ᠢ ᠭᠦᠭᠵᠢᠭᠦᠯᠤᠨ ᠮᠠᠨᠳᠤᠭᠤᠯᠬᠤ︶ ᠳᠠᠭᠤᠷᠢᠶᠠᠯ ᠦᠵᠡᠭᠦᠯᠭᠦ ᠭᠠᠴᠠᠭ᠎ᠠ ᠲᠤᠰᠬᠤᠨ   ᠢᠶᠠᠷ ᠦᠨᠡᠯᠡᠭᠳᠡᠪᠠ
ᠨᠡᠶᠢᠲᠡᠯᠡᠭᠰᠡᠨ ᠴᠠᠭ᠄
2018-06-26
     ᠤᠶᠢᠷ᠎ᠠ ᠶᠢᠨ ᠡᠳᠤᠷ᠂ ᠭᠠᠯᠠᠭᠤᠳᠤ ᠪᠠᠯᠭᠠᠰᠤᠨ ᠤ ᠷᠠᠰᠢᠶᠠᠨ ᠳᠣᠬᠤᠢ ᠲᠤᠰᠬᠤᠨ 2018 ᠤᠨ ᠤ ᠪᠦᠬᠦ ᠤᠷᠤᠨ ᠤ ᠰᠢᠨ᠎ᠠ ᠮᠠᠯᠵᠢᠬᠤ ᠳᠠᠷᠢᠶᠠᠯᠠᠬᠤ ᠤᠷᠤᠨ ᠤ ︵ᠭᠦᠳᠡᠭᠡ ᠲᠤᠰᠬᠤᠨ ᠢ ᠭᠦᠭᠵᠢᠭᠦᠯᠤᠨ ᠮᠠᠨᠳᠤᠭᠤᠯᠬᠤ︶ ᠳᠠᠭᠤᠷᠢᠶᠠᠯ ᠦᠵᠡᠭᠦᠯᠭᠦ ᠭᠠᠴᠠᠭ᠎ᠠ ᠲᠤᠰᠬᠤᠨ ᠢᠶᠠᠷ ᠦᠨᠡᠯᠡᠭᠳᠡᠪᠠ᠃  ᠳᠠᠭᠤᠷᠢᠶᠠᠯ ᠦᠵᠡᠭᠦᠯᠭᠦ ᠭᠠᠴᠠᠭ᠎ᠠ ᠲᠤᠰᠬᠤᠨ ᠨᠢ ︽ᠱᠠᠩᠨᠡᠯ ᠢᠶᠠᠷ ᠨᠦᠬᠦᠪᠦᠷᠢ ᠶᠢ ᠤᠷᠤᠯᠠᠭᠤᠯᠬᠤ︾ ᠬᠡᠯᠪᠡᠷᠢ ᠪᠠᠷ᠂ ᠨᠢᠭᠡᠯᠡ ᠤᠳᠠᠭ᠎ᠠ ᠳᠤ 50 ᠲᠦᠮᠡᠨ ᠲᠦᠭᠦᠷᠢᠭ ᠱᠠᠩᠨᠠᠵᠤ᠂  ᠭᠤᠣᠯᠳᠠᠭᠤ ᠳᠠᠭᠤᠷᠢᠶᠠᠯ ᠦᠵᠡᠭᠦᠯᠭᠦ ᠭᠠᠴᠠᠭ᠎ᠠ ᠲᠤᠰᠬᠤᠨ ᠤ ᠬᠡᠪᠴᠢᠶᠠᠨ ᠳᠠᠬᠢ ᠠᠵᠤ ᠤᠶᠢᠯᠡᠰ ᠤᠨ ᠭᠦᠭᠵᠢᠯᠳᠠ᠂ ᠰᠠᠭᠤᠷᠢ ᠲᠦᠭᠦᠭᠡᠷᠤᠮᠵᠢ᠂ ᠨᠠᠶᠢᠭᠡᠮ ᠤᠨ ᠨᠠᠶᠢᠳᠠ ᠶᠢᠨ ᠠᠰᠠᠷᠠᠮᠵᠢ ᠶᠢᠨ ᠤᠶᠢᠯᠡᠰ ᠂ ᠤᠷᠴᠢᠨ ᠲᠤᠭᠤᠷᠢᠨ ᠤ ᠴᠡᠭᠴᠡᠯᠡᠨ ᠵᠠᠰᠠᠯᠳᠠ ᠵᠡᠷᠭᠡ ᠭᠦᠳᠡᠭᠡ ᠲᠤᠰᠬᠤᠨ ᠢ ᠭᠦᠭᠵᠢᠭᠦᠯᠤᠨ ᠮᠠᠨᠳᠤᠭᠤᠯᠬᠤ ᠪᠦᠳᠤᠭᠡᠨ ᠪᠠᠶᠢᠭᠤᠯᠤᠯᠳᠠ ᠶᠢᠨ ᠲᠦᠷᠤᠯ ᠵᠦᠢᠯ ᠪᠠ ᠭᠦᠳᠡᠭᠡ ᠲᠤᠰᠬᠤᠨ ᠢ ᠭᠦᠭᠵᠢᠭᠦᠯᠤᠨ ᠮᠠᠨᠳᠤᠭᠤᠯᠬᠤ ᠲᠦᠯᠤᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠲᠡᠭᠡᠷ᠎ᠠ ᠬᠡᠷᠡᠭᠯᠡᠵᠤ᠂ ᠪᠠᠶᠢᠳᠠᠯ ᠢ ᠦᠨᠳᠤᠰᠤᠯᠡᠨ ᠦᠷᠭᠦᠯᠵᠢᠯᠡᠨ ᠬᠤᠶᠠᠷ ᠵᠢᠯ ᠱᠠᠩᠨᠡᠨ ᠲᠤᠰᠠᠯᠠᠬᠤ ᠪᠤᠯᠤᠨ᠎ᠠ᠃      ᠣᠳᠤᠬᠠᠨ ᠪᠤᠯᠳᠠᠯ᠎ᠠ ᠮᠠᠨ ᠤ ᠬᠤᠰᠢᠭᠤᠨ ᠳᠤ ᠨᠡᠶᠢᠳᠠ 1 ᠰᠣᠮᠣ ᠪᠠᠯᠭᠠᠰᠣ᠂11 ᠭᠠᠴᠠᠭ᠎ᠠ ᠳᠣᠰᠬᠤᠨ ᠨᠢ ᠰᠢᠨ᠎ᠡ ᠮᠠᠯᠵᠢᠬᠤ ᠳᠠᠷᠢᠶᠠᠯᠠᠬᠤ ᠣᠷᠣᠨ ᠤ ᠳᠠᠭᠤᠷᠢᠶᠠᠯ ᠦᠵᠡᠬᠦᠯᠬᠦ ᠭᠠᠴᠠᠭ᠎ᠠ ᠳᠣᠰᠬᠤᠨ ᠪᠠᠷ ᠦᠨᠡᠯᠡᠭᠳᠡᠪᠠ᠃ ᠮᠠᠨ  ᠤ ᠬᠤᠰᠢᠭᠤ ᠨᠢ ᠡᠨᠡᠬᠦ ᠠᠵᠠ ᠳᠣᠬᠢᠶᠠᠯ ᠢ ᠡᠵᠡᠮᠳᠡᠨ ᠮᠠᠯᠵᠢᠬᠤ ᠳᠠᠷᠢᠶᠠᠯᠠᠬᠤ ᠣᠷᠣᠨ ᠤ ᠬᠦᠭᠵᠢᠯᠳᠡ ᠶᠢᠨ ᠠᠬᠢᠴᠠ  ᠶᠢ ᠲᠦᠷᠬᠡᠳᠬᠡᠵᠣ᠂ ᠬᠤᠳᠠ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠨᠠᠶᠢᠳᠠᠪᠣᠷᠢᠵᠢᠭᠤᠯᠣᠨ ᠬᠦᠳᠡᠭᠡ ᠠᠵᠣ ᠠᠬᠤᠢ ᠶᠢᠨ ᠠᠵᠣ ᠣᠶᠢᠯᠡᠰ ᠤᠨ ᠪᠦᠳᠦᠴᠡ ᠶᠢ ᠬᠤᠪᠢᠷᠠᠭᠤᠯᠣᠨ ᠳᠠᠰ ᠳᠠᠪᠰᠢᠬᠦᠯᠵᠣ ᠮᠠᠯᠴᠢᠨ ᠳᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠥᠨ᠎ᠠ᠃      ᠷᠠᠰᠢᠶᠠᠨ ᠳᠣᠬᠤᠢ ᠲᠤᠰᠬᠤᠨ ᠪᠦᠷᠢᠨ ᠲᠦᠭᠦᠷ ᠰᠠᠭᠤᠷᠢ ᠲᠦᠭᠦᠭᠡᠷᠤᠮᠵᠢ᠂ ᠡᠯᠪᠡᠭ ᠪᠠᠶᠠᠯᠢᠭ ᠰᠤᠶᠤᠯ ᠵᠢᠭᠤᠯᠴᠢᠯᠡᠯ ᠤᠨ ᠠᠭᠤᠯᠬᠤᠨ ᠲᠠᠢ ᠪᠠᠶᠢᠵᠣ᠂ ᠪᠦᠬᠦ ᠲᠤᠰᠬᠤᠨ ᠤ ᠶᠠᠷᠤᠩᠬᠡᠢ ᠡᠵᠡᠯᠡᠭᠦ ᠲᠠᠯᠠᠪᠠᠢ 16.8 ᠲᠦᠮᠡᠨ ᠮᠤ᠋᠂ ᠡᠷᠤᠭᠡ ᠠᠮᠠ ᠶᠢᠨ ᠶᠠᠷᠤᠩᠬᠡᠢ ᠭᠦᠮᠤᠨ ᠠᠮᠠ 568 ᠡᠷᠤᠭᠡ 1567 ᠭᠦᠮᠤᠨ ᠲᠠᠢ᠂ ᠨᠢᠳᠤᠨᠤᠨ ᠤ ᠲᠤᠰᠬᠤᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ ᠨᠢ 37 ᠲᠦᠮᠡᠨ ᠲᠦᠭᠦᠷᠢᠭ ᠪᠠᠶᠢᠵᠤ᠂ ᠭᠦᠮᠤᠨ ᠲᠤᠮᠳᠠᠴᠢ ᠶᠢᠨ ᠲᠤᠬᠢᠷᠠᠭᠤᠯᠵᠤ ᠪᠤᠯᠬᠤ ᠤᠷᠤᠯᠭ᠎ᠠ ᠨᠢ 16000 ᠲᠦᠭᠦᠷᠢᠭ ᠲᠤ ᠭᠦᠷᠪᠠ᠃ ᠷᠠᠰᠢᠶᠠᠨ ᠳᠣᠬᠤᠢ ᠲᠤᠰᠬᠤᠨ ᠪᠤᠯ ᠦᠤᠰᠢᠨ ᠬᠤᠰᠢᠭᠤᠨ ᠤ ᠤᠷᠴᠢᠨ ᠲᠤᠭᠤᠷᠢᠨ ᠰᠠᠶᠢᠬᠠᠨ ᠲᠤᠰᠬᠤᠨ ᠤ ᠨᠢᠭᠡ ᠪᠤᠯᠬᠤ ᠪᠠᠷ ᠪᠠᠷᠠᠬᠤ ᠦᠬᠡᠢ᠂ ᠮᠦᠨ ᠴᠤ ᠠᠵᠤ ᠠᠬᠤᠢ ᠶᠢᠨ ᠭᠦᠭᠵᠢᠯᠳᠠ᠂ ᠨᠤᠳᠤᠭ ᠤᠨ ᠪᠤᠯᠪᠠᠰᠤᠨ ᠰᠤᠷᠳᠠᠯ᠂ ᠠᠷᠠᠳ ᠲᠦᠮᠡᠨ ᠡᠶ᠎ᠡ ᠵᠤᠬᠢᠴᠠᠯ ᠲᠠᠢ ᠰᠢᠨ᠎ᠠ ᠭᠦᠳᠡᠭᠡ ᠲᠤᠰᠬᠤᠨ ᠤ ᠳᠠᠭᠤᠷᠢᠶᠠᠯ ᠦᠵᠡᠭᠦᠯᠭᠦ ᠲᠤᠰᠬᠤᠨ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠲᠤᠰᠬᠤᠨ᠂ ᠪᠦᠬᠦ ᠬᠤᠳᠠ ᠶᠢᠨ ︽ᠠᠷᠪᠠᠨ ᠦᠵᠡᠰᠭᠦᠯᠠᠩᠳᠤ︾ ᠭᠡᠷ ᠭᠦᠷᠢᠶᠠᠯᠠᠩ ᠤᠨ ᠵᠢᠱᠢᠶ᠎ᠠ ᠦᠵᠡᠭᠦᠯᠭᠦ ᠭᠠᠴᠠᠭ᠎ᠠ ᠲᠤᠰᠬᠤᠨ ᠤ ᠢᠷᠠᠭᠤ ᠠᠯᠳᠠᠷ ᠢ ᠤᠷᠢᠳ ᠬᠤᠵᠢᠳ ᠭᠦᠷᠳᠡᠪᠠ᠃ 2017 ᠤᠨ ᠳᠤ ᠷᠠᠰᠢᠶᠠᠨ ᠳᠣᠬᠤᠢ ᠲᠠᠢ ᠲᠤᠰᠬᠤᠨ ᠤᠯᠤᠰ ᠤᠨ ᠲᠠᠷᠢᠶᠠᠯᠠᠩ ᠤᠨ ᠶᠠᠮᠤᠨ ᠪᠠ ᠦᠪᠠᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠡᠯ ᠤᠨ ᠲᠤᠪᠴᠢᠶ᠎ᠠ ᠪᠠᠷ ᠲᠤᠮᠳᠠᠳᠤ ᠤᠯᠤᠰ ᠤᠨ ᠦᠵᠡᠭᠦᠯᠠᠩᠳᠤ ᠰᠠᠶᠢᠬᠠᠨ ᠰᠡᠯᠡᠭᠦᠴᠡᠯ ᠤᠨ ᠭᠦᠳᠡᠭᠡ ᠲᠤᠰᠬᠤᠨ ᠪᠠ ᠦᠪᠠᠷᠳᠡᠭᠡᠨ ᠵᠠᠰᠠᠬᠤ ᠤᠷᠤᠨ ᠤ ᠰᠡᠯᠡᠭᠦᠴᠡᠯ ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠵᠢᠭᠤᠯᠴᠢᠯᠡᠯ  ᠤᠨ ᠳᠠᠭᠤᠷᠢᠶᠠᠯ ᠦᠵᠡᠭᠦᠯᠭᠦ ᠴᠡᠭ ᠢᠶᠠᠷ ᠲᠤᠭᠳᠠᠭᠠᠭᠳᠠᠪᠠ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号