6 ᠰᠠᠷ᠎ᠠ ᠶᠢᠨ 21 ᠳᠤ᠂ ᠪᠥᠭᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠭᠡᠷᠡᠭᠯᠡᠭᠡᠨ ᠤ | ᠭᠡᠷ ᠪᠠᠶᠢᠰᠢᠩ ᠢ ᠴᠡᠭᠴᠡᠯᠠᠭᠦ ᠲᠤᠰᠬᠠᠢ ᠲᠦᠷᠥᠯ ᠤᠨ ᠪᠠᠶᠢᠷᠢᠯᠠᠭᠤᠯᠤᠯᠳᠠ ᠭᠢᠭᠦ ᠬᠤᠷᠠᠯ ᠢ ᠬᠤᠰᠢᠭᠤ ᠵᠠᠰᠠᠭ | ᠵᠠᠭᠢᠷᠭᠠᠨ ᠤ ᠥᠢᠯᠡᠴᠢᠯᠡᠭᠡᠨ ᠤ ᠲᠥᠪ ᠲᠤ ᠬᠤᠷᠠᠯᠳᠣᠭᠤᠯᠣᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ | ᠡᠷᠭᠢᠯᠡᠭᠴᠢ ᠵᠤᠤ ᠶᠥᠩ ᠹᠧᠩ ᠪᠤᠯᠤᠨ ᠬᠤᠰᠢᠭᠤ ᠰᠠᠭᠢᠯᠭ᠎ᠠ ᠪᠠᠳᠤ ᠪᠠᠶᠢᠴᠠᠭᠠᠬᠤ ᠬᠤᠷᠢᠶ᠎ᠠ ᠭᠢᠨᠠᠨ ᠪᠠᠶᠢᠴᠠᠭᠠᠬᠤ | ᠵᠥᠪᠯᠠᠯ᠂ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠳᠠ ᠶᠢᠨ ᠲᠤᠪᠴᠢᠶ᠎ᠠ᠂ ᠬᠤᠰᠢᠭᠤ ᠲᠥᠷᠪᠡᠨ ᠶᠡᠭᠡ | ᠤᠳᠤᠷᠢᠳᠬᠤ ᠪᠠᠭ ᠤᠨ ᠠᠯᠪᠠᠨ ᠭᠡᠷ᠂ ᠡᠯ᠎ᠠ ᠠᠵᠤ ᠠᠬᠤᠢ ᠶᠢᠨ ᠨᠡᠭᠡᠭᠡᠯᠳᠠ ᠶᠢᠨ ᠤᠷᠤᠨ᠂ ᠡᠯ᠎ᠠ ᠰᠤᠮᠤ ᠪᠠᠯᠭᠠᠰᠤ᠂ | ᠬᠤᠰᠢᠭᠤ ᠰᠢᠭᠤᠳ ᠬᠠᠷᠢᠶ᠎ᠠ ᠡᠯ᠎ᠠ ᠰᠠᠯᠠᠭ᠎ᠠ ᠮᠥᠴᠢᠷ ᠤᠨ ᠬᠠᠷᠢᠭᠤᠴᠯᠠᠭᠠᠳᠠᠨ ᠬᠤᠷᠠᠯ ᠳᠤ ᠤᠷᠤᠯᠴᠠᠪᠠ᠃ | ᠬᠤᠷᠠᠯ ᠠᠴᠠ ᠴᠢᠬᠤᠯᠠᠴᠢᠯᠠᠬᠤ ᠳᠤ ᠪᠠᠨ ᠲᠠᠨᠢᠯᠳᠠ ᠪᠠᠨ ᠲᠡᠭᠡᠭᠰᠢᠯᠡᠭᠦᠯᠤᠨ ᠴᠡᠭᠴᠡᠯᠠᠭᠦ ᠠᠵᠢᠯ ᠤᠨ | ᠬᠠᠷᠢᠭᠤᠴᠠᠯᠭᠠᠳᠤ ᠰᠠᠳᠭᠢᠯᠭᠡ ᠪᠠᠨ ᠥᠨᠡᠡᠭᠦ ᠨᠡᠮᠡᠭᠳᠡᠭᠦᠯᠭᠦ ᠭᠡᠷᠡᠭᠳᠠᠢ᠃ ︽ᠨᠠᠮ ᠵᠠᠰᠠᠭ ᠤᠨ ᠪᠠᠶᠢᠭᠤᠯᠭ᠎ᠠ ᠶᠢᠨ | ᠠᠯᠪᠠᠨ ᠭᠡᠷᠡᠭᠯᠡᠭᠡᠨ ᠤ ᠭᠡᠷ ᠪᠠᠶᠢᠰᠢᠩ ᠤᠨ ᠬᠠᠮᠢᠶᠠᠷᠤᠯᠳᠠ ᠶᠢᠨ ᠠᠷᠭ᠎ᠠ︾ ᠶᠢ ᠨᠠᠷᠢᠨ ᠭᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠯᠪᠠᠨ ᠭᠡᠷᠡᠭᠯᠡᠭᠡᠨ ᠤ ᠭᠡᠷ ᠪᠠᠶᠢᠰᠢᠩ ᠤᠨ ᠭᠡᠷᠡᠭᠯᠡᠭᠦ ᠪᠠᠷᠢᠮᠵᠢᠶ᠎ᠠ ᠶᠢ ᠴᠢᠩᠭ᠎ᠠ ᠭᠡᠷᠡᠭᠵᠢᠭᠦᠯᠵᠤ | ᠠᠯᠪᠠᠨ ᠭᠡᠷᠡᠭᠯᠡᠭᠡᠨ ᠤ ᠭᠡᠷ ᠪᠠᠶᠢᠰᠢᠩ ᠤᠨ ᠪᠠᠷᠢᠮᠵᠢᠶ᠎ᠠ ᠠᠴᠠ ᠭᠡᠳᠤᠷᠠᠨ ᠲᠤᠭᠢᠷᠠᠭᠤᠯᠬᠤ᠂ ᠭᠡᠮᠵᠢᠶ᠎ᠠ ᠠᠴᠠ ᠭᠡᠳᠤᠷᠠᠨ | ᠭᠡᠷᠡᠭᠯᠡᠭᠦ ᠵᠡᠷᠭᠡ ᠶᠢᠨ ᠠᠰᠠᠭᠤᠳᠠᠯ ᠢ ᠴᠢᠩᠭ᠎ᠠ ᠰᠶᠢᠳᠪᠤᠷᠢᠯᠠᠨ ᠴᠡᠭᠴᠡᠯᠠᠭᠦ ᠠᠵᠢᠯ ᠢ ᠰᠠᠶᠢᠨ ᠭᠢᠭᠦ ᠭᠡᠷᠡᠭᠳᠠᠢ᠃ | ᠪᠠᠷᠢᠮᠵᠢᠶ᠎ᠠ ᠶᠢ ᠴᠢᠩᠭ᠎ᠠ ᠪᠠᠷᠢᠮᠳᠠᠯᠠᠨ ᠠᠯᠪᠠᠨ ᠭᠡᠷᠡᠭᠯᠡᠭᠡᠨ ᠤ ᠭᠡᠷ ᠪᠠᠶᠢᠰᠢᠩ ᠤᠨ ᠢᠯᠭᠠᠷᠠᠭᠤᠯᠤᠨ ᠴᠡᠭᠴᠡᠯᠠᠭᠦ ᠲᠥᠷᠥ | ᠶᠢᠨ ᠪᠤᠳᠤᠯᠭ᠎ᠠ ᠱᠠᠭᠠᠷᠳᠠᠯᠭ᠎ᠠ ᠶᠢ ᠤᠨᠤᠪᠴᠢᠳᠠᠢ ᠡᠵᠡᠮᠳᠠᠨ ᠴᠡᠭᠴᠡᠯᠠᠨ ᠰᠠᠶᠢᠵᠷᠠᠭᠤᠯᠬᠤ ᠲᠥᠰᠥᠯ ᠢ ᠭᠢᠨᠠᠮᠠᠭᠠᠢ | ᠲᠤᠭᠳᠠᠭᠠᠨ ᠭᠠᠷᠭᠠᠵᠤ᠂ ᠴᠡᠭᠴᠡᠯᠡᠭᠰᠠᠨ ᠤ ᠲᠠᠷᠠᠭᠠᠭᠢ ᠠᠯᠪᠠᠨ ᠭᠡᠷᠡᠭᠯᠡᠭᠡᠨ ᠤ ᠭᠡᠷ ᠪᠠᠶᠢᠰᠢᠩ ᠢ ᠬᠤᠯᠪᠤᠭᠳᠠᠯ ᠪᠥᠭᠦᠢ | ᠲᠤᠭᠳᠠᠭᠠᠯ ᠪᠠᠷᠢᠮᠵᠢᠶ᠎ᠠ ᠶᠢᠨ ᠲᠤᠳᠤᠷ᠎ᠠ ᠭᠢᠵᠠᠭᠠᠷᠯᠠᠬᠤ ᠶᠢ ᠪᠠᠳᠣᠯᠠᠬᠤ ᠭᠡᠷᠡᠭᠳᠠᠢ᠃ ᠬᠠᠷᠢᠭᠤᠴᠠᠯᠭ᠎ᠠ ᠶᠢ | ᠪᠤᠳᠠᠳᠠᠶᠢᠵᠢᠭᠤᠯᠤᠨ᠂ ᠲᠤᠭᠳᠠᠭᠰᠠᠨ ᠴᠠᠭ ᠬᠤᠭᠤᠴᠠᠭᠠᠨ ᠳᠤ ᠴᠡᠭᠴᠡᠯᠠᠭᠦ ᠠᠵᠢᠯ ᠤᠨ ᠡᠭᠦᠷᠭᠡ ᠶᠢ ᠪᠠᠶᠠᠯᠠᠭᠦᠯᠭᠦ | ᠭᠡᠷᠡᠭᠳᠠᠢ᠃ ᠬᠠᠷᠢᠭᠤᠴᠠᠯᠭ᠎ᠠ ᠨᠡᠭᠡᠮᠵᠢᠯᠠᠭᠦ ᠶᠢ ᠴᠢᠩᠭᠠᠳᠬᠠᠨ ᠠᠯᠪᠠᠨ ᠭᠡᠷᠡᠭᠯᠡᠭᠡᠨ ᠤ ᠭᠡᠷ ᠪᠠᠶᠢᠰᠢᠩ ᠤᠨ ᠴᠡᠭᠴᠡᠯᠠᠭᠦ | ᠠᠵᠢᠯ ᠤᠨ ᠪᠤᠳᠠᠳᠤ ᠥᠷ᠎ᠠ ᠪᠥᠳᠥᠮᠵᠢ ᠤᠯᠬᠤ ᠶᠢ ᠪᠠᠳᠤᠯᠠᠬᠤ ᠭᠡᠷᠡᠭᠳᠠᠢ᠃ ᠲᠡᠭᠡᠳᠤ ᠭᠡᠮᠵᠢᠶ᠎ᠠ ᠪᠠᠷ ᠴᠢᠬᠤᠯᠠᠴᠢᠯᠠᠨ | ᠥᠵᠠᠵᠤ᠂ ᠨᠠᠷᠢᠯᠢᠭ ᠵᠤᠭᠢᠶᠠᠨ ᠪᠠᠶᠢᠭᠤᠯᠤᠨ᠂ ᠯᠠᠪᠳᠠᠭᠤᠨ ᠠᠭᠢᠭᠤᠯᠵᠤ᠂ ᠲᠤᠰ ᠲᠥᠷᠥᠯ ᠤᠨ ᠠᠵᠢᠯ ᠢ | ᠲᠤᠭᠳᠠᠭᠰᠠᠨ ᠴᠠᠭ ᠲᠤ ᠪᠠᠨ ᠥᠷᠨᠢᠭᠦᠯᠭᠦ ᠶᠢ ᠪᠠᠶᠠᠯᠠᠭᠦᠯᠭᠦ ᠶᠢ ᠪᠠᠳᠤᠯᠠᠬᠤ ᠭᠡᠷᠭᠳᠠᠢ ᠭᠡᠵᠡᠢ᠃ | ᠬᠤᠷᠠᠯ ᠲᠡᠭᠡᠷ᠎ᠡ ᠪᠠᠰᠠ ᠪᠥᠭᠦ ᠬᠤᠳᠠ ᠶᠢᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠭᠡᠷᠡᠭᠯᠡᠭᠡᠨ ᠤ ᠭᠡᠷ | ᠪᠠᠶᠢᠰᠢᠩ ᠤᠨ ᠴᠡᠭᠴᠡᠯᠠᠭᠦ ᠲᠤᠰᠬᠠᠢ ᠠᠵᠢᠯ ᠤᠨ ᠪᠠᠶᠢᠷᠢᠯᠠᠭᠤᠯᠤᠯᠳᠠ ᠶᠢᠨ ᠬᠤᠷᠠᠯ ᠤᠨ ᠵᠤᠷᠢᠭ ᠰᠠᠨᠠᠭ᠎ᠠ ᠪᠠ ︽ | ᠥᠪᠡᠷᠳᠡᠭᠡᠨ ᠵᠠᠰᠠᠬᠤ ᠤᠷᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠭᠡᠷᠡᠭᠯᠡᠭᠡᠨ ᠤ ᠭᠡᠷ ᠪᠠᠶᠢᠰᠢᠩ ᠤᠨ | ᠬᠠᠮᠢᠶᠠᠷᠤᠯᠳᠠ ᠶᠢᠨ ᠭᠢᠨᠠᠯᠳᠠ ᠲᠠᠯᠪᠢᠬᠤ ᠬᠠᠷᠢᠭᠤᠴᠠᠯᠭ᠎ᠠ ᠨᠡᠭᠡᠮᠵᠢᠯᠠᠭᠦ ᠠᠷᠭ᠎ᠠ︾ ᠶᠢ ᠤᠯᠠᠮᠵᠢᠯᠠᠪᠠ᠃ |