ᠬᠤᠳᠠ ᠶᠢᠨ ᠨᠠᠮ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠤᠯ ᠳᠤᠭᠤᠢᠢᠯᠠᠩ 2018 ᠤᠨ ᠤ ᠵᠢᠷᠭᠤᠳᠤᠭᠠᠷ ᠣᠳᠠᠭᠠᠨ ᠤ ᠳᠦᠪᠯᠡᠷᠡᠩᠬᠦᠢ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ ᠮᠠᠨ ᠤ ᠬᠤᠰᠢᠭᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2018-06-27
    ᠣᠶᠢᠷ᠎ᠡ ᠶᠢᠨ ᠡᠳᠤᠷ᠂ ᠬᠤᠳᠠ ᠶᠢᠨ ᠨᠠᠮ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠤᠯ ᠳᠤᠭᠤᠢᠢᠯᠠᠩ 2018 ᠤᠨ ᠤ ᠵᠢᠷᠭᠤᠳᠤᠭᠠᠷ ᠣᠳᠠᠭᠠᠨ ᠤ ᠳᠦᠪᠯᠡᠷᠡᠩᠬᠦᠢ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ ᠮᠠᠨ ᠤ ᠬᠤᠰᠢᠭᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠭᠰᠠᠨ ᠪᠠᠶᠢᠨ᠎ᠠ᠃     ᠬᠤᠳᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠳ᠋ ᠳᠠᠷᠢᠬᠦᠯᠡᠭᠴᠢ ᠬᠤᠰᠢᠭᠤ ᠨᠠᠮ ᠤᠨ ᠬᠤᠷᠢᠶᠠᠨ ᠤ ᠱᠥᠵᠢ ᠵᠢᠷᠭᠠᠯᠳᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ  ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠤᠮᠠᠯ ᠹᠷᠤᠨᠲ ᠶᠢᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ ᠪᠤᠯᠤᠨ ᠰᠢᠶᠠᠨ ᠤ ᠲᠠᠰ ᠤᠨ ᠤᠳᠤᠷᠢᠳᠤᠯᠭ᠎ᠠ᠂ ᠡᠯ᠎ᠠ ᠠᠵᠣ ᠠᠬᠤᠢ ᠶᠢᠨ ᠨᠡᠭᠡᠭᠡᠯᠳᠠ ᠶᠢᠨ ᠭᠥᠷᠢᠶᠠᠯᠠᠩ ᠲᠤᠭᠤᠷᠢᠭ᠂ ᠡᠯ᠎ᠠ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ  ᠳᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠪᠠ᠃     ᠬᠤᠷᠠᠯ ᠤᠨ ᠭᠤᠤᠯ ᠡᠭᠦᠷᠭᠡ ᠪᠤᠯ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ ᠬᠠᠮ ᠵᠠᠭᠤᠴᠢᠯᠠᠭᠤᠷ ᠤᠨ ᠴᠠᠭ ᠦᠶ᠎ᠠ ᠶᠢᠨ ᠠᠪᠴᠢᠷᠠᠬᠰᠠᠨ ᠠᠵᠠ ᠳᠤᠬᠢᠶᠠᠯ ᠪᠠ ᠦᠷᠢᠰᠦᠯᠳᠦᠭᠡᠨ ᠢ ᠰᠢᠰᠲ᠋ᠧᠮ ᠲᠠᠢ ᠪᠠᠷ ᠡᠮᠬᠢᠯᠡᠵᠤ᠂ ᠤᠯᠠᠨ ᠨᠡᠶᠢᠳᠡ ᠶᠢᠨ ᠭᠡᠨᠡᠳᠳᠡ ᠶᠢᠨ ᠭᠡᠷᠡᠭ ᠢ ᠪᠦᠳᠤᠮᠵᠢᠳᠡᠢ ᠪᠠᠷ ᠰᠢᠢᠳᠪᠤᠷᠢᠯᠡᠨ ᠶᠠᠷᠢᠶ᠎ᠠ ᠭᠡᠯᠡᠯᠴᠡᠭᠡᠨ ᠤ ᠪᠠᠴᠢᠮ ᠪᠠᠶᠢᠳᠠᠯ ᠢ ᠰᠢᠢᠳᠪᠣᠷᠢᠯᠡᠬᠦ ᠬᠠᠮᠢᠶᠠᠷᠤᠯᠳᠠ ᠶᠢᠨ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠬᠦᠯᠬᠦ  ᠶᠠᠪᠤᠳᠠᠯ ᠪᠤᠯᠤᠨ᠎ᠠ᠃         ᠬᠤᠷᠠᠯ ᠲᠡᠭᠡᠷ᠎ᠡ ᠳᠤᠮᠳᠠᠳᠤ ᠤᠯᠤᠰ ᠤᠨ ᠤᠯᠠᠨ ᠨᠡᠶᠢᠳᠡ ᠶᠢᠨ ᠬᠠᠷᠢᠴᠠᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠪᠠᠶᠢᠡᠭᠭᠤ ᠶᠢᠨ ᠡᠷᠬᠢᠯᠡᠭᠴᠢ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠫᠷᠤᠹᠧᠰᠰᠤᠷ ᠳ᠋ᠦᠩ ᠭᠤᠸᠠᠨ ᠫᠧᠩ ᠢ ᠤᠷᠢᠵᠤ᠂  ︽ᠬᠠᠮ ᠵᠠᠭᠤᠴᠢᠯᠠᠭᠤᠷ ᠤᠨ ᠶᠠᠷᠢᠶ᠎ᠠ ᠭᠡᠯᠡᠯᠴᠡᠭᠡᠨ ᠤ ᠵᠢᠯᠤᠭᠤᠳᠤᠮᠵᠢ 4.0᠄ ᠰᠢᠨ᠎ᠠ ᠳᠠᠪᠴᠠᠩ᠂ ᠰᠢᠨ᠎ᠠ ᠪᠠᠶᠢᠯᠳᠤᠬᠤ ᠪᠤᠳᠤᠯᠭ᠎ᠠ ᠪᠠ ᠰᠢᠨ᠎ᠠ ᠪᠠᠷᠢᠮᠵᠢᠶᠠᠳᠤ ᠳᠦᠬᠦᠭᠡᠷᠤᠮᠵᠢ︾ ᠭᠡᠬᠦ ᠭᠠᠷᠴᠠᠭ ᠲᠠᠢ ᠶᠠᠷᠢᠶ᠎ᠠ ᠳᠠᠶᠢᠯᠤᠮᠵᠢ ᠭᠢᠯᠭᠡᠪᠠ᠃ ᠳ᠋ᠦᠩ ᠭᠤᠸᠠᠨ ᠫᠧᠩ ᠤᠨᠤᠯ ᠢ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠤᠯᠠᠨ ᠠᠷᠪᠢᠨ ᠠᠮᠢᠳᠤᠯᠢᠭ ᠪᠤᠳᠠᠳᠠᠢ ᠭᠡᠷᠡᠭ ᠶᠠᠪᠤᠳᠠᠯ ᠢᠶᠠᠷ ᠵᠠᠭᠤᠴᠢᠯᠠᠭᠤᠷ ᠢ ᠤᠢᠢᠯᠠᠭᠠᠬᠤ᠂ ᠶᠠᠷᠢᠶ᠎ᠠ ᠭᠡᠯᠡᠯᠴᠡᠭᠡ ᠶᠢ ᠳᠠᠨᠢᠬᠤ᠂ ᠰᠢᠨ᠎ᠠ ᠶᠢ ᠡᠬᠦᠳᠬᠦ ᠶᠢ ᠬᠠᠮᠢᠶᠠᠷᠬᠤ᠂ ᠰᠠᠨᠠᠯ ᠰᠠᠨᠠᠭᠤᠯᠭ᠎ᠠ ᠭᠠᠷᠭᠠᠬᠤ ᠵᠡᠷᠭᠡ ᠳᠠᠯ᠎ᠠ ᠳᠤ ︽ᠬᠠᠮ ᠵᠠᠭᠤᠴᠢᠯᠠᠭᠤᠷ ᠤᠨ ᠶᠠᠷᠢᠶ᠎ᠠ ᠭᠡᠯᠡᠯᠴᠡᠭᠡᠨ ᠤ ᠵᠢᠯᠤᠭᠤᠳᠤᠮᠵᠢ 4.0︾ ᠢ ᠬᠦᠨᠵᠡᠭᠡᠢ ᠳᠠᠶᠢᠯᠪᠤᠷᠢᠯᠠᠨ ᠶᠠᠷᠢᠬᠰᠠᠨ ᠪᠠᠶᠢᠨ᠎ᠠ᠃ ᠳᠠᠶᠢᠯᠤᠮᠵᠢ ᠨᠢ ᠮᠠᠨ ᠤ ᠬᠤᠳᠠ ᠶᠢᠨ ᠤᠳᠤᠷᠢᠳᠬᠤ ᠺᠠᠳ᠋ᠷᠴᠤᠳ ᠤᠨ ᠶᠡᠷᠦᠩᠭᠡᠶᠢᠯᠡᠭᠰᠡᠨ ᠬᠠᠷᠢᠯᠴᠠᠭᠠᠨ ᠤ ᠭᠡᠪ ᠪᠤᠯᠪᠠᠰᠤᠷᠠᠯ ᠪᠠ ᠶᠠᠷᠢᠶ᠎ᠠ ᠭᠡᠯᠡᠯᠴᠡᠭᠡ ᠶᠢ ᠰᠢᠢᠳᠪᠣᠷᠢᠯᠡᠬᠦ ᠴᠢᠳᠠᠪᠤᠷᠢ ᠶᠢ ᠳᠡᠭᠡᠭᠰᠢᠯᠡᠬᠦᠯᠤᠨ ᠵᠠᠭᠤᠴᠢᠯᠠᠭᠤᠷ ᠤᠨ ᠬᠢᠨ ᠲᠠᠢ ᠤᠢᠢᠯᠠᠭᠠᠯᠴᠠᠵᠤ ᠵᠤᠬᠢᠴᠠᠭᠤᠯᠬᠤ ᠴᠢᠳᠠᠪᠤᠷᠢ ᠪᠠᠨ ᠳᠡᠭᠡᠭᠰᠢᠯᠡᠬᠦᠯᠵᠤ᠂ ᠪᠦᠬᠦ ᠬᠤᠳᠠ ᠶᠢᠨ ᠭᠡᠨᠡᠳᠳᠡ ᠶᠢᠨ ᠭᠡᠷᠡᠭ ᠶᠠᠪᠤᠳᠠᠯ ᠢ ᠰᠢᠢᠳᠪᠤᠷᠢᠯᠡᠬᠦ ᠪᠠ ᠶᠠᠷᠢᠶ᠎ᠠ ᠭᠡᠯᠡᠯᠴᠡᠭᠡ ᠪᠠᠷ ᠵᠢᠯᠤᠭᠤᠳᠤᠨ ᠳᠠᠭᠠᠭᠤᠯᠬᠤ ᠠᠵᠢᠯ ᠢ ᠢᠳᠡᠪᠬᠢᠳᠡᠢ ᠮᠦᠷᠳᠡᠭᠡᠨ ᠳᠤᠬᠢᠳᠠᠢ ᠰᠠᠶᠢᠳᠤᠷ ᠬᠢᠬᠦ ᠳᠤ ᠮᠠᠰᠢ ᠴᠢᠩᠭ᠎ᠠ ᠰᠡᠩᠭᠡᠷᠡᠬᠦᠯᠤᠨ ᠵᠢᠯᠤᠭᠤᠳᠬᠤ ᠤᠢᠢᠯᠡᠳᠤᠯ  ᠥᠵᠡᠭᠦᠯᠥᠭᠰᠠᠨ ᠪᠠᠶᠢᠨ᠎ᠠ᠃           ᠬᠤᠷᠠᠯ ᠠᠴᠠ ᠱᠠᠭᠠᠷᠳᠠᠬᠤ ᠳᠤ ᠪᠠᠨ ᠬᠠᠮ ᠵᠠᠭᠤᠴᠢᠯᠠᠭᠤᠷ ᠤᠨ ᠴᠠᠭ ᠦᠶ᠎ᠠ ᠶᠢᠨ ᠰᠢᠨ᠎ᠠ ᠪᠠᠶᠢᠳᠠᠯ ᠬᠠᠨᠳᠤᠰᠢ ᠳᠤ ᠴᠢᠭᠯᠡᠬᠦᠯᠤᠨ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠤᠨ ᠬᠢᠨ ᠴᠠᠭ ᠢᠮᠠᠬᠳᠠ ᠳᠡᠭᠡᠳᠤ ᠭᠡᠮᠵᠢᠶ᠎ᠠ ᠪᠠᠷ ᠰᠡᠷᠭᠡᠭ ᠪᠠᠶᠢᠵᠤ᠂ ᠶᠠᠷᠢᠶ᠎ᠠ ᠭᠡᠯᠡᠯᠴᠡᠭᠡᠨ ᠤ ᠪᠠᠴᠢᠮ ᠪᠠᠶᠢᠳᠠᠯ ᠢ ᠰᠢᠢᠳᠪᠣᠷᠢᠯᠡᠬᠦ ᠪᠠ ᠶᠠᠷᠢᠶ᠎ᠠ ᠭᠡᠯᠡᠯᠴᠡᠭᠡ ᠪᠠᠷ ᠵᠢᠯᠤᠭᠤᠳᠤᠨ ᠳᠠᠭᠠᠭᠤᠯᠬᠤ ᠠᠵᠢᠯ ᠤᠨ ᠴᠢᠬᠤᠯᠠ ᠴᠢᠨᠠᠷ ᠢ ᠬᠦᠨᠵᠡᠭᠡᠢ ᠳᠠᠨᠢᠵᠤ᠂ ᠰᠤᠨᠢᠨ ᠮᠡᠳᠡᠭᠡ ᠶᠠᠷᠢᠶ᠎ᠠ ᠭᠡᠯᠡᠯᠴᠡᠭᠡᠨ ᠤ ᠳᠠᠮᠵᠢᠭᠤᠯᠬᠤ ᠵᠢᠮ᠎ᠠ ᠶᠤᠰᠤ ᠶᠢ ᠤᠨᠤᠪᠴᠢᠳᠠᠢ ᠡᠵᠡᠮᠳᠡᠨ᠂ ᠡᠯ᠎ᠠ ᠳᠦᠷᠤᠯ ᠤᠨ ᠵᠠᠭᠤᠴᠢᠯᠠᠭᠤᠷ ᠤᠨ ᠡᠬᠢ ᠪᠠᠶᠠᠯᠢᠭ ᠢ ᠪᠦᠳᠤᠮᠵᠢᠳᠡᠢ ᠠᠰᠢᠬᠯᠠᠵᠤ ᠪᠠᠶᠢᠭᠠᠳ ᠶᠠᠷᠢᠶ᠎ᠠ ᠭᠡᠯᠡᠯᠴᠡᠭᠡ ᠪᠠᠷ ᠵᠢᠯᠤᠭᠤᠳᠤᠨ ᠳᠠᠭᠠᠭᠤᠯᠵᠤ᠂ ᠰᠢᠨ᠎ᠠ ᠪᠠᠷ ᠬᠦᠭᠵᠢᠭᠰᠡᠨ ᠵᠠᠭᠤᠴᠢᠯᠠᠭᠤᠷ ᠤᠨ ᠡᠬᠢ ᠪᠠᠶᠠᠯᠢᠭ ᠢ ᠢᠳᠡᠪᠬᠢᠳᠡᠢ ᠭᠡᠷᠡᠭᠯᠡᠨ ᠵᠦᠪ ᠡᠨᠧᠷᠬᠢ ᠶᠢ ᠳᠠᠮᠵᠢᠭᠤᠯᠤᠨ᠂ ᠶᠠᠷᠢᠶ᠎ᠠ ᠭᠡᠯᠡᠯᠴᠡᠭᠡᠨ ᠤ ᠪᠠᠴᠢᠮ ᠪᠠᠶᠢᠳᠠᠯ ᠢ ᠰᠢᠢᠳᠪᠣᠷᠢᠯᠡᠬᠦ ᠬᠠᠮᠢᠶᠠᠷᠤᠯᠳᠠ ᠶᠢᠨ ᠴᠢᠳᠠᠪᠤᠷᠢ ᠶᠢ ᠳᠠᠰᠤᠷᠠᠯᠳᠠ ᠦᠭᠡᠢ  ᠳᠡᠭᠡᠭᠰᠢᠯᠡᠬᠦᠯᠵᠤ᠂ ᠤᠳᠤ ᠦᠶ᠎ᠠ ᠶᠢᠨ ᠵᠠᠭᠤᠴᠢᠯᠠᠭᠤᠷ ᠤᠨ ᠰᠢᠨ᠎ᠠ ᠠᠷᠭ᠎ᠠ ᠪᠠᠷᠢᠯ᠂ ᠰᠢᠨ᠎ᠠ ᠠᠷᠭ᠎ᠠ ᠭᠡᠮᠵᠢᠶ᠎ᠠ ᠶᠢ ᠭᠡᠷᠡᠭᠯᠡᠵᠤ ᠴᠢᠳᠠᠬᠤ ᠮᠡᠷᠬᠡᠵᠢᠯᠳᠡᠨ ᠪᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠦᠭᠵᠢᠯᠳᠡ ᠳᠤ ᠤᠬᠢ ᠰᠠᠶᠢᠨ ᠶᠠᠷᠢᠶ᠎ᠠ ᠭᠡᠯᠡᠯᠴᠡᠭᠡᠨ ᠤ ᠤᠷᠴᠢᠨ ᠢ ᠪᠦᠷᠢᠯᠳᠦᠬᠦᠯᠵᠤ ᠦᠭᠬᠦ ᠭᠡᠷᠡᠭᠳᠡᠢ ᠭᠡᠵᠡᠢ᠃ ¨
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号