ᠠᠭᠤᠷ ᠠᠮᠢᠰᠬᠤᠯ ᠰᠡᠷᠢᠬᠦᠨ ᠲᠠᠭᠠᠯᠠᠮᠵᠢᠳᠠᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠳᠠ ᠶᠢᠨ | ᠴᠢᠯᠦᠬᠡ ᠪᠠᠷ ᠮᠠᠨ ᠤ ᠬᠤᠰᠢᠭᠤᠨ ᠤ ᠡᠯ᠎ᠡ ᠵᠤᠭᠠᠴᠠᠯ ᠤᠨ ᠤᠷᠤᠨ ᠪᠠᠶᠠᠯᠢᠭ ᠠᠭᠤᠯᠭ᠎ᠠ ᠲᠠᠢ ᠠᠵᠢᠯᠯᠠᠭᠠᠨ | ᠦᠷᠨᠢᠬᠦᠯᠵᠦ᠂ ᠵᠤᠭᠠᠴᠠᠯ ᠤᠨ ᠵᠠᠬ᠎ᠠ ᠳᠡᠯᠭᠡᠬᠦᠷ ᠬᠦᠭᠵᠢᠬᠡᠨ ᠨᠠᠷᠬᠢᠶᠠᠨ ᠢᠶᠠᠷ ᠪᠢᠯᠬᠠᠨ ᠲᠡᠮᠡᠭᠡᠲᠤ᠂ ᠶᠡᠨ ᠠᠨ᠂ | ᠢᠷᠭᠠᠢ᠂ ᠪᠤᠭᠤᠲᠤ᠂ ᠦᠬᠠᠢ᠂ ᠬᠦᠬᠡᠬᠤᠲᠠ᠂ ᠪᠡᠬᠡᠵᠢᠩ᠂ ᠱᠠᠩᠬᠠᠢ᠂ ᠰᠢ ᠠᠨ ᠵᠡᠷᠭᠡ ᠤᠯᠠᠨ ᠭᠠᠵᠠᠷ ᠤᠨ | ᠵᠤᠭᠠᠴᠠᠭᠰᠠᠳ ᠢ ᠤᠭᠳᠤᠨ ᠵᠣᠴᠢᠯᠡᠵᠣ ︽ᠲᠠᠪᠤᠨ ᠰᠠᠷ᠎ᠠ ᠶᠢᠨ ᠨᠢᠬᠡᠨ ᠲᠤᠮᠳᠠᠲᠤ ᠶᠢᠨ ᠵᠤᠭᠠᠴᠠᠯ ᠤᠨ ᠡᠳᠦᠷ︾ | ᠤᠨ ᠲᠠᠷᠠᠭᠠᠬᠢ ᠪᠠᠰᠨ ᠨᠢᠬᠡᠨ ᠣᠳᠠᠭᠠᠨ ᠤ ᠵᠤᠭᠠᠴᠠᠯ ᠤᠨ ᠬᠦᠭᠵᠢᠶᠠᠨᠳᠣ ᠬᠤᠭᠤᠴᠠᠭ᠎ᠠ ᠪᠣᠯᠣᠭᠰᠠᠨ ᠪᠠᠶᠢᠨ᠎ᠠ᠃ | ᠪᠦᠷᠢᠳᠭᠡᠯ ᠢ ᠦᠨᠳᠦᠰᠦᠯᠡᠪᠡᠯ 6 ᠰᠠᠷ᠎ᠠ ᠶᠢᠨ 16 ᠠᠴᠠ 18 ᠬᠦᠷᠳᠡᠯ᠎ᠡ ᠮᠠᠨ ᠤ ᠬᠤᠰᠢᠭᠤ ᠨᠡᠶᠢᠳᠡ 8.9 | ᠲᠦᠮᠡᠨ ᠵᠤᠭᠠᠴᠠᠭᠰᠠᠳ ᠢ ᠬᠦᠯᠢᠶᠡᠨ ᠵᠣᠴᠢᠯᠡᠵᠣ᠂ ᠠᠳᠠᠯᠢ ᠬᠤᠭᠤᠴᠠᠭᠠᠨ ᠤ ᠬᠢ ᠠᠴᠠ 52.1% ᠪᠠᠷ ᠨᠡᠮᠡᠭᠳᠡᠵᠦ | ᠂ ᠵᠤᠭᠠᠴᠠᠯ ᠤᠨ ᠶᠡᠷᠦᠩᠬᠡᠢ ᠤᠷᠤᠯᠭ᠎ᠠ7530 ᠲᠦᠮᠡᠨ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ | ᠠᠴᠠ 39.7% ᠪᠠᠷ ᠨᠡᠮᠡᠭᠳᠡᠵᠠᠢ᠃ ᠡᠬᠦᠨ ᠳᠤ ᠴᠠᠭᠠᠨ ᠰᠦᠯᠳᠡ ᠰᠤᠶᠤᠯ ᠵᠢᠭᠤᠯᠴᠢᠯᠠᠯ ᠤᠨ ᠤᠷᠤᠨ6.3 | ᠲᠦᠮᠡᠨ ᠬᠦᠮᠦᠨ ᠤᠳᠠᠭ᠎ᠠ ᠶᠢᠨ ᠵᠣᠭᠠᠴᠠᠭᠰᠠᠳ ᠢ ᠬᠦᠯᠢᠶᠡᠨ ᠵᠣᠴᠢᠯᠡᠵᠣ᠂ ᠶᠡᠷᠦᠩᠬᠡᠢ ᠤᠷᠤᠯᠭ᠎ᠠ ᠨᠢ 385 | ᠲᠦᠮᠡᠨ ᠲᠦᠬᠦᠷᠢᠭ ᠲᠤ ᠬᠦᠷᠴᠣ᠂ ᠰᠢᠷᠬᠤᠰᠤ ᠵᠤᠭᠠᠴᠠᠯ ᠤᠨ ᠤᠷᠤᠨ ᠤ ᠵᠤᠭᠠᠴᠠᠭᠰᠠᠳ ᠤᠨ ᠲᠤᠭ᠎ᠠ 0.45 | ᠲᠦᠮᠡᠨ ᠬᠦᠮᠦᠨ ᠤᠳᠠᠭ᠎ᠠ ᠶᠢᠨ ᠵᠣᠭᠠᠴᠠᠭᠰᠠᠳ ᠢ ᠬᠦᠯᠢᠶᠡᠨ ᠵᠣᠴᠢᠯᠡᠵᠣ᠂ ᠶᠡᠷᠦᠩᠬᠡᠢ ᠤᠷᠤᠯᠭ᠎ᠠ 121 ᠲᠦᠮᠡᠨ | ᠲᠦᠬᠦᠷᠢᠭ ᠲᠤ ᠬᠦᠷᠦᠭᠰᠡᠨ ᠪᠠᠶᠢᠨ᠎ᠠ᠃ | | |