ᠱᠠᠷᠯᠢᠭ ᠭᠤᠣᠯᠳᠠᠯᠭᠠᠲᠤ ᠪᠠᠭ᠎ᠠ ᠰᠤᠷᠭᠠᠭᠤᠯᠢ ᠶᠢᠨ ᠬᠡᠥᠬᠡᠳ ᠤᠨ ᠴᠡᠴᠡᠷᠯᠢᠭ ᠨᠢ ᠦᠨᠳᠦᠰᠦᠲᠡᠨ ᠤ | ᠤᠯᠠᠮᠵᠢᠯᠠᠯᠲᠤ ᠰᠢᠯᠢᠳᠡᠭ ᠰᠤᠶᠤᠯ ᠢ ᠰᠤᠷᠭᠠᠭᠤᠯᠢ ᠶᠢᠨ ᠬᠦᠷᠢᠶᠡᠨ ᠳᠤ ᠪᠡᠶᠡᠴᠢᠯᠡᠨ ᠤᠶᠢᠯᠠᠭᠠᠬᠤ ᠠᠵᠢᠯᠯᠠᠭ᠎ᠠ ᠵᠢᠴᠢ | ᠰᠢᠨᠵᠢᠯᠡᠭᠡ ᠮᠡᠷᠭᠡᠵᠢᠯ ᠤᠨ ᠲᠠᠮᠢᠷ ᠤᠷᠠᠯᠢᠭ ᠤᠨ ᠴᠤᠭᠯᠠᠭᠠᠨ ᠢ ᠡᠷᠬᠢᠯᠡᠨ ᠶᠠᠪᠣᠭᠳᠠᠭᠤᠯᠵᠣ ︽6.1︾ ᠤ ᠲᠡᠯᠡᠬᠡᠢ | ᠶᠢᠨ ᠬᠡᠥᠬᠡᠳ ᠤᠨ ᠪᠠᠶᠠᠷ ᠤᠨ ᠡᠳᠦᠷ ᠢ ᠪᠠᠶᠠᠷᠯᠠᠨ ᠪᠡᠯᠭᠡᠯᠡᠭᠰᠡᠨ ᠪᠠᠶᠢᠨ᠎ᠠ᠃ ᠠᠵᠢᠯᠯᠠᠭᠠᠨ ᠳᠤ᠂ ᠱᠠᠷᠯᠢᠭ | ᠭᠤᠣᠯᠳᠠᠯᠭᠠᠲᠤ ᠪᠠᠭ᠎ᠠ ᠰᠤᠷᠭᠠᠭᠤᠯᠢ ᠶᠢᠨ ᠬᠡᠥᠬᠡᠳ ᠤᠨ ᠴᠡᠴᠡᠷᠯᠢᠭ ᠤᠨ ᠪᠦᠬᠦ ᠪᠠᠭᠰᠢ ᠰᠣᠷᠣᠭᠴᠢᠳ ᠪᠤᠯᠤᠨ ᠭᠡᠷ | ᠤᠨ ᠠᠬᠠᠮᠠᠳ ᠬᠠᠮᠳᠣᠪᠡᠷ ᠣᠷᠣᠯᠴᠠᠨ᠂ ᠰᠣᠷᠣᠭᠴᠢᠳ ᠲᠤ ᠠᠮᠤ ᠬᠠᠭᠤᠷᠬᠤ᠂ ᠦᠨᠢᠶ᠎ᠡ ᠰᠠᠭᠠᠬᠤ᠂ ᠭᠡᠭᠦᠦ ᠰᠠᠭᠠᠬᠤ | ᠂ ᠬᠤᠨᠢ ᠬᠠᠶᠢᠴᠢᠯᠠᠬᠤ᠂ ᠠᠶᠢᠷᠠᠭ ᠪᠦᠯᠢᠬᠦ᠂ ᠴᠦᠷᠮ᠎ᠡ ᠰᠢᠬᠠᠬᠤ ᠵᠡᠷᠭᠡ ᠮᠣᠩᠭᠤᠯ ᠦᠨᠳᠣᠰᠣᠳᠡᠨ ᠤ | ᠣᠶᠢᠯᠡᠳᠪᠣᠷᠢᠯᠡᠯ ᠠᠮᠢᠳᠣᠷᠠᠯ ᠤᠨ ᠣᠯᠠᠮᠵᠢᠯᠠᠯᠳᠣ ᠰᠣᠶᠣᠯ ᠢ ᠲᠤᠬᠠᠢ ᠶᠢᠨ ᠲᠠᠯᠠᠪᠠᠢ ᠳᠤ ᠳᠡᠯᠬᠡᠨ ᠦᠵᠡᠬᠦᠯᠵᠦ | ᠪᠠᠶᠠᠴᠢᠯᠡᠨ ᠣᠷᠣᠯᠴᠠᠭᠤᠯᠪᠠ᠃ | ᠰᠢᠨᠵᠢᠯᠡᠭᠡ ᠮᠡᠷᠭᠡᠵᠢᠯ ᠤᠨ ᠲᠠᠮᠢᠷ ᠣᠷᠠᠯᠢᠭ ᠤᠨ ᠴᠣᠭᠯᠠᠭᠠᠨ ᠳᠡᠭᠡᠷ᠎ᠡ ᠲᠤᠭᠤᠢ ᠲᠡᠷᠭᠡ ᠤᠨᠤᠬᠤ᠂ ᠲᠡᠭᠡᠰᠦ | ᠦᠰᠦᠷᠬᠦ᠂ ᠠᠯᠠᠭᠠᠳᠠᠬᠤ ᠪᠦᠮᠪᠦᠭᠡ ᠨᠠᠭᠠᠳᠬᠤ ᠵᠡᠷᠭᠡ ᠪᠠᠭᠠᠴᠣᠣᠨ ᠭᠡᠣᠭᠡᠳ ᠤᠨ ᠳᠣᠷ᠎ᠠ ᠰᠣᠨᠢᠷᠬᠠᠯᠳᠣ ᠪᠡᠶ᠎ᠡ ᠲᠠᠮᠢᠷ | ᠤᠨ ᠬᠦᠳᠡᠯᠭᠡᠭᠡᠨ ᠢ ᠶᠠᠪᠣᠭᠳᠠᠭᠤᠯᠵᠣ᠂ ᠰᠤᠷᠭᠠᠭᠤᠯᠢ ᠶᠢᠨ ᠬᠦᠷᠢᠶᠡᠨ ᠳᠤ ᠪᠠᠶᠠᠷ ᠤᠨ ᠡᠳᠣᠷ ᠤᠨ ᠠᠭᠤᠷ ᠠᠮᠢᠨᠬᠤᠯ | ᠢᠶᠠᠷ ᠪᠢᠯᠬᠠᠷᠠᠵᠣ ᠪᠠᠶᠢᠯ᠎ᠠ᠃ | ᠲᠣᠰ ᠣᠳᠠᠭᠠᠨ ᠤ ᠠᠵᠢᠯᠯᠠᠭ᠎ᠠ ᠨᠢ ᠮᠣᠩᠭᠤᠯ ᠦᠨᠳᠦᠰᠦᠲᠡᠨ ᠤ ᠤᠯᠠᠮᠵᠢᠯᠠᠯᠲᠤ ᠵᠠᠩ ᠦᠢᠯᠡ ᠤᠨ ᠰᠤᠶᠤᠯ | ᠢ ᠴᠡᠴᠡᠷᠯᠢᠭ ᠤᠨ ᠵᠢᠭᠠᠨ ᠰᠤᠷᠭᠠᠯᠲᠠ ᠳᠤ ᠠᠭᠤᠰᠬᠠᠨ᠂ ᠬᠡᠥᠬᠡᠳ ᠪᠠᠭᠠᠴᠤᠳ ᠲᠤ ᠤᠯᠠᠮᠵᠢᠯᠠᠯᠲᠤ ᠶᠤᠰᠤ ᠵᠠᠩᠰᠢᠯ | ᠢ ᠪᠠᠶᠠᠴᠢᠯᠡᠨ ᠣᠶᠢᠯᠠᠭᠠᠭᠤᠯᠵᠤ᠂ ᠦᠨᠳᠦᠰᠦᠲᠡᠨ ᠤ ᠵᠠᠩ ᠣᠶᠢᠯᠡ ᠶᠢᠨ ᠦᠪ ᠰᠤᠶᠤᠯ ᠢ ᠣᠯᠠᠮᠵᠢᠯᠠᠨ | ᠵᠠᠯᠭᠠᠮᠵᠢᠯᠠᠭᠤᠯᠬᠤ ᠳᠤ ᠰᠠᠭᠤᠷᠢ ᠲᠠᠯᠪᠢᠭᠰᠠᠨ ᠪᠠᠶᠢᠨ᠎ᠠ᠃ |