ᠦᠪᠡᠷᠳᠡᠭᠡᠨ ᠵᠠᠰᠠᠬᠤ ᠤᠷᠤᠨ ᠤ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠬᠤᠶᠠᠷ ᠵᠦᠪᠯᠡᠯ︾  ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠲᠤᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠬᠤᠶᠠᠳᠣᠭᠠᠷ ᠲᠤᠭᠤᠶᠢᠯᠠᠩ ᠤᠨ ᠲᠥᠩ ᠰᠢᠶᠣᠣ ᠯᠦᠩ ᠨᠠᠷ ᠮᠠᠨ ᠤ ᠬᠤᠰᠢᠭᠤᠨ ᠳᠤ ᠵᠢᠭᠠᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2018-06-04
     5 ᠰᠠᠷ᠎ᠠ ᠶᠢᠨ 30 ᠤ ᠡᠳᠦᠷ᠂ ᠦᠪᠡᠷᠳᠡᠭᠡᠨ ᠵᠠᠰᠠᠬᠤ ᠤᠷᠤᠨ ᠤ ᠭᠠᠴᠠᠭ᠎ᠠ ᠲᠤᠰᠬᠤᠨ ᠨᠡᠶᠢᠬᠡᠮ ᠲᠤᠭᠤᠷᠢᠭ  ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠲᠤᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠬᠤᠶᠠᠳᠤᠭᠠᠷ ᠲᠤᠭᠤᠶᠢᠯᠠᠩ ᠤᠨ ᠲᠠᠷᠤᠭ᠎ᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠬᠡᠷ ᠤᠨ ᠳᠡᠳ᠋ ᠲᠤᠭᠤᠷᠢᠨ ᠪᠠᠶᠢᠴᠠᠭᠠᠭᠴᠢ ᠲᠦᠩ ᠰᠢᠶᠤᠤ ᠯᠦᠩ ᠨᠠᠷ ᠮᠠᠨ ᠤ ᠬᠤᠰᠢᠭᠤᠨ ᠳᠤ ᠢᠷᠡᠵᠦ᠂ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠳᠤ ᠬᠢᠨᠠᠨ ᠵᠢᠯᠤᠭᠤᠳᠤᠯᠭ᠎ᠠ ᠬᠢᠭᠰᠡᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠳᠡᠳ᠋ ᠲᠠᠷᠤᠭ᠎ᠠ ᠬᠤᠲᠠ ᠶᠢᠨ ᠨᠡᠶᠢᠳᠡ  ᠶᠢᠨ ᠦᠮᠴᠢᠯᠡᠯᠲᠤ ᠪᠤᠰᠤ ᠠᠵᠤ ᠠᠬᠤᠢ ᠬᠢᠬᠡᠳ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠤᠳᠤᠨ᠂ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠲᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠷᠭᠠᠯ ᠵᠢᠴᠢ ᠬᠤᠲᠠ᠂ ᠬᠤᠰᠢᠭᠤᠨ ᠤ ᠬᠤᠯᠪᠤᠭᠳᠠᠯ ᠪᠦᠬᠦᠢ ᠬᠠᠷᠢᠭᠤᠴᠠᠯᠭᠠᠳᠠᠨ ᠪᠠᠷᠠᠳᠠᠨ ᠪᠠᠶᠢᠴᠠᠭᠠᠨ ᠰᠤᠳᠤᠯᠤᠯᠳᠠ ᠬᠢᠪᠠ᠃      ᠬᠢᠨᠠᠨ ᠵᠢᠯᠤᠭᠤᠳᠬᠤ ᠲᠤᠭᠤᠶᠢᠯᠠᠩ ᠤᠨ ᠬᠢᠨ ᠤᠷᠢᠳ ᠬᠤᠵᠢᠳ ᠮᠠᠨ ᠤ ᠬᠤᠰᠢᠭᠤᠨ ᠤ ᠲᠤᠭ ᠪᠠᠯᠭᠠᠰᠤᠨ  ᠤ ᠲᠤᠭᠤᠯᠳᠠᠢ ᠭᠠᠴᠠᠭ᠎ᠠ᠂ ᠤᠯᠠᠭᠠᠠᠲᠤᠯᠤᠭᠠᠢ ᠪᠠᠯᠭᠠᠰᠤᠨ ᠤ ᠪᠠᠶᠠᠨ᠋ᠤ᠋ᠪᠤᠭ᠎ᠠ ᠭᠠᠴᠠᠭᠠᠨ ᠳᠤ ᠬᠦᠷᠴᠦ᠂ ᠪᠤᠳᠠᠲᠤ ᠭᠠᠵᠠᠷ ᠲᠤ ᠨᠢ ᠪᠠᠶᠢᠴᠠᠭᠠᠨ ᠦᠵᠡᠬᠦ ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠣᠭᠤᠯᠵᠤ᠂ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠲᠤ ᠮᠠᠨ ᠤ ᠬᠤᠰᠢᠭᠤᠨ ᠤ ᠭᠠᠴᠠᠭ᠎ᠠ ᠲᠤᠰᠬᠤᠨ᠂ ᠨᠡᠶᠢᠬᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠦᠷᠨᠢᠬᠦᠯᠦᠭᠳᠡᠵᠦ ᠪᠠᠶᠢᠭ᠎ᠠ ᠪᠠᠶᠢᠳᠠᠯ ᠳᠤ ᠬᠠᠷᠢᠭᠤ ᠮᠡᠳᠡᠬᠦᠯᠦᠯᠳᠡ ᠬᠢᠵᠦ᠂ ᠬᠠᠷᠢᠭᠤ ᠮᠡᠳᠡᠬᠦᠯᠦᠯᠳᠡ ᠶᠢ ᠰᠤᠨᠤᠰᠤᠭᠰᠠᠨ ᠤ ᠳᠠᠷᠠᠭ᠎ᠠ ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠦᠷᠨᠢᠬᠦᠯᠦᠭᠳᠡᠵᠦ ᠪᠠᠶᠢᠭ᠎ᠠ ᠪᠠᠶᠢᠳᠠᠯ᠂ ᠤᠷᠤᠰᠢᠵᠤ ᠪᠠᠶᠢᠭ᠎ᠠ ᠠᠰᠠᠭᠤᠳᠠᠯ᠂ ᠲᠠᠷᠠᠭᠠᠴᠢ ᠶᠢᠨ ᠠᠯᠬᠤᠮ ᠤᠨ ᠠᠵᠢᠯ ᠤᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠤᠶᠢᠯᠠᠭᠠᠭᠰᠠᠨ ᠪᠠᠶᠢᠨ᠎ᠠ᠃      ᠬᠢᠨᠠᠨ ᠵᠢᠯᠤᠭᠤᠳᠬᠤ ᠲᠤᠭᠤᠶᠢᠯᠠᠩ ᠤᠨ ᠬᠢᠨ ᠮᠠᠨ ᠤ ᠬᠤᠰᠢᠭᠤᠨ ᠤ ᠭᠠᠴᠠᠭ᠎ᠠ ᠲᠤᠰᠬᠤᠨ᠂ ᠨᠡᠶᠢᠬᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠳᠤ ᠨᠤᠳᠠᠯᠠᠯᠳᠠ ᠦᠭᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠲᠦᠩ ᠰᠢᠶᠤᠤ ᠯᠦᠩ ᠴᠢᠬᠤᠯᠠᠴᠢᠯᠠᠬᠤ ᠳᠤ ᠪᠠᠨ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ᠂ ᠨᠠᠮ ᠤᠨ ᠤᠬᠠᠮᠰᠠᠷ᠂ ᠲᠦᠷᠦ ᠪᠠᠷᠢᠬᠤ ᠤᠬᠠᠮᠰᠠᠷ᠂ ᠤᠯᠤᠰ ᠲᠦᠷᠦ ᠶᠢᠨ ᠡᠷᠬᠡ ᠶᠢᠨ ᠤᠬᠠᠮᠰᠠᠷ ᠢ ᠴᠢᠩᠭᠠᠳᠬᠠᠵᠤ᠂ ᠨᠠᠮ ᠤᠨ ᠤᠳᠤᠷᠢᠳᠬᠤ ᠪᠠᠶᠢᠷᠢ ᠰᠠᠭᠤᠷᠢ᠂ ᠲᠦᠷᠦ ᠪᠠᠷᠢᠬᠤ ᠪᠠᠶᠢᠷᠢ ᠰᠠᠭᠤᠷᠢ ᠶᠢ ᠪᠠᠳᠤᠯᠠᠬᠤ ᠬᠡᠷᠡᠭᠲᠠᠢ᠃ ᠡᠯ᠎ᠡ ᠱᠠᠳᠤᠨ ᠤ ᠨᠠᠮ ᠤᠨ ᠬᠤᠷᠢᠶ᠎ᠠ ᠨᠢ ᠭᠠᠴᠠᠭ᠎ᠠ ᠲᠤᠰᠬᠤᠨ᠂ ᠨᠡᠶᠢᠬᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠴᠢᠬᠤᠯᠠᠴᠢᠯᠠᠨ ᠦᠵᠡᠵᠦ᠂ ᠱᠠᠳᠤ ᠱᠠᠳᠤ ᠪᠠᠷ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠬᠡᠷᠡᠭᠲᠠᠢ᠃ ᠤᠯᠠᠨ ᠲᠥᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ  ᠳᠤ ᠨᠢ ᠰᠢᠨᠵᠢᠯᠡᠬᠦ ᠤᠬᠠᠭᠠᠨᠴᠢ ᠪᠠᠷ ᠪᠠᠶᠡᠯᠡᠬᠦᠯᠵᠦ᠂ ᠰᠤᠩᠭᠤᠭᠤᠯᠢ ᠶᠢᠨ ᠶᠠᠪᠤᠴᠠ ᠶᠢ ᠴᠢᠩᠭ᠎ᠠ ᠪᠠᠷᠢᠮᠳᠠᠯᠠᠨ᠂ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠢ ᠳᠡᠬᠦᠰ ᠠᠮᠵᠢᠯᠳᠠ ᠲᠠᠢ ᠪᠡᠶᠡᠯᠡᠬᠦᠯᠬᠦ ᠬᠡᠷᠡᠭᠲᠠᠢ ᠬᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号