5 ᠰᠠᠷ᠎ᠠ ᠶᠢᠨ 31 ᠤ ᠡᠳᠥᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ | ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠲᠤ ᠪᠦᠬᠦ ᠬᠤᠰᠢᠭᠤᠨ ᠤ ᠭᠠᠴᠠᠭ᠎ᠠ ᠲᠣᠰᠬᠤᠨ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ | ᠡᠷᠬᠢᠯᠡᠨ ᠬᠤᠷᠠᠯᠳᠤᠭᠤᠯᠵᠤ᠂ ᠡᠯ᠎ᠡ ᠰᠤᠮᠤ ᠪᠠᠯᠭᠠᠰᠤ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ | ᠵᠥᠪᠯᠡᠯ︾ ᠶᠢᠨ ᠬᠤᠭᠤᠴᠠᠭ᠎ᠠ ᠰᠣᠯᠢᠬᠤ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠨ ᠡᠵᠡᠮᠳᠡᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ | ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠲᠣᠭᠤᠷᠢᠨ ᠪᠠᠶᠢᠴᠠᠭᠠᠵᠤ ᠬᠢᠨᠠᠨ ᠵᠢᠯᠣᠭᠤᠳᠬᠤ | ᠳᠤᠭᠤᠶᠢᠯᠠᠩ ᠤᠨ ᠰᠠᠨᠠᠯ ᠲᠠᠢ ᠤᠶᠠᠯᠳᠤᠭᠤᠯᠤᠨ ᠳᠠᠷᠠᠭᠠᠴᠢ ᠶᠢᠨ ᠨᠢᠭᠡ ᠠᠯᠬᠤᠮ ᠤᠨ ᠠᠵᠢᠯ ᠳᠤ ᠪᠠᠶᠢᠷᠢᠯᠠᠭᠤᠯᠤᠯᠲᠠ | ᠲᠣᠬᠢᠷᠠᠭᠤᠯᠤᠯᠲᠠ ᠬᠢᠵᠦ᠂ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ | ᠬᠡᠪ ᠤᠨ ᠠᠯᠬᠤᠮ ᠳᠠᠷᠠᠭ᠎ᠠ ᠲᠠᠢ ᠶᠠᠪᠤᠭᠳᠠᠬᠤ ᠶᠢ ᠲᠦᠯᠬᠢᠨ ᠠᠬᠢᠭᠤᠯᠤᠭᠰᠠᠨ ᠪᠠᠶᠢᠨ᠎ᠠ᠃ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠲᠤ᠂ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ | ᠰᠤᠷᠭᠠᠯᠲᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ | ᠴᠢᠶᠤᠣ ᠠᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠵᠠᠩ ᡁᠢ ᠰᠢᠥ᠋ᠩ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ | ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠠᠯᠲᠠᠨᠲᠤᠶᠠᠭ᠎ᠠ ᠵᠡᠷᠭᠡ ᠤᠳᠤᠷᠢᠳᠤᠯᠭ᠎ᠠ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ | ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ ᠪᠦᠷᠢᠯᠳᠦᠬᠦᠨ᠂ | ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ | ᠵᠢᠭᠠᠨ ᠵᠢᠯᠣᠭᠤᠳᠬᠤ ᠳᠤᠭᠤᠶᠢᠯᠠᠩ᠂ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ ᠡᠯ᠎ᠡ | ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠳᠡᠳ᠋ ᠱᠦᠵᠢ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ | ᠰᠣᠯᠢᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠣᠨ ᠭᠠᠴᠠᠭ᠎ᠠ ᠲᠣᠰᠬᠤᠨ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠵᠢᠭᠠᠨ ᠵᠢᠯᠣᠭᠤᠳᠬᠤ | ᠳᠤᠭᠤᠶᠢᠯᠠᠩ ᠤᠨ ᠰᠠᠨᠠᠯ ᠰᠠᠨᠠᠭᠤᠯᠭ᠎ᠠ ᠪᠠ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠯ ᠢ ᠰᠣᠨᠣᠰᠴᠤ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ | ᠯᠢ ᠫᠢᠩ ᠬᠤᠭᠤᠴᠠᠭ᠎ᠠ ᠰᠣᠯᠢᠬᠤ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠡ᠃ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠰᠠᠶᠢᠨ ᠠᠳᠬᠤᠬᠤ ᠲᠤᠬᠠᠢ ᠵᠢᠷᠭᠠᠯᠲᠤ | ᠴᠢᠬᠤᠯᠠᠴᠢᠯᠠᠬᠤ ᠳᠠᠭᠠᠨ᠂ ᠶᠠᠪᠤᠴᠠ ᠠᠯᠬᠤᠮ ᠳᠠᠷᠠᠭ᠎ᠠ ᠪᠠᠷᠢᠮᠵᠢᠶ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠬᠤ | ᠬᠡᠷᠡᠭᠲᠡᠢ᠃ ᠡᠯ᠎ᠡ ᠰᠤᠮᠤ ᠪᠠᠯᠭᠠᠰᠤ ᠨᠢ ᠴᠠᠭ ᠠᠯᠬᠤᠮ ᠳᠠᠷᠠᠭ᠎ᠠ ᠶᠠᠪᠤᠴᠠ ᠶᠢ ᠴᠢᠩᠭ᠎ᠠ ᠪᠠᠷᠢᠮᠲᠠᠯᠠᠨ ᠨᠢᠭᠡ ᠨᠢᠭᠡ | ᠶᠠᠪᠤᠴᠠ ᠠᠯᠬᠤᠮ ᠢᠶᠠᠷ ᠲᠦᠯᠬᠢᠨ ᠠᠬᠢᠭᠤᠯᠵᠤ᠂ ᠬᠥᠮᠥᠨ ᠰᠣᠩᠭᠤᠬᠤ ᠪᠠᠷᠢᠮᠵᠢᠶ᠎ᠠ ᠶᠢᠨ ᠦᠨᠡᠨᠬᠦ | ᠨᠠᠶᠢᠳᠠᠪᠤᠷᠢᠵᠢᠭᠤᠯᠤᠭᠳᠠᠬᠤ ᠶᠢ ᠪᠠᠲᠤᠯᠠᠬᠤ ᠬᠡᠷᠡᠭᠲᠡᠢ᠃ ᠬᠢᠨᠠᠨ ᠪᠠᠶᠢᠴᠠᠭᠠᠵᠤ ᠵᠢᠭᠠᠨ ᠵᠢᠯᠣᠭᠤᠳᠬᠤ ᠶᠢ | ᠴᠢᠩᠭᠠᠳᠬᠠᠬᠤ ᠬᠡᠷᠡᠭᠲᠡᠢ᠃ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠵᠢᠭᠠᠨ ᠵᠢᠯᠣᠭᠤᠳᠴᠤ ᠬᠢᠨᠠᠨ | ᠪᠠᠶᠢᠴᠠᠭᠠᠬᠤ ᠳᠤᠭᠤᠶᠢᠯᠠᠩ ᠨᠢ ᠰᠤᠮᠤ ᠪᠠᠯᠭᠠᠰᠤ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠬᠦᠷᠴᠦ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠨ ᠬᠢᠨᠠᠨ ᠪᠠᠶᠢᠴᠠᠭᠠᠯᠲᠠ ᠵᠢᠭᠠᠨ ᠵᠢᠯᠣᠭᠤᠳᠤᠯᠭ᠎ᠠ ᠬᠢᠵᠦ᠂ ᠤᠯᠤᠰ ᠲᠥᠷᠥ᠂ | ᠴᠢᠳᠠᠪᠤᠷᠢ᠂ ᠬᠠᠤᠯᠢ ᠴᠠᠭᠠᠵᠠ ᠰᠠᠬᠢᠯᠭ᠎ᠠ ᠪᠠᠲᠤ᠂ ᠠᠷᠢᠭᠤᠨ ᠴᠢᠬᠡᠴᠢ᠂ ᠶᠠᠷᠢᠶ᠎ᠠ ᠬᠡᠯᠡᠯᠴᠡᠭᠡᠨ ᠤ ᠪᠣᠭᠤᠮᠲᠠ ᠶᠢ | ᠴᠢᠩᠭ᠎ᠠ ᠰᠠᠬᠢᠵᠤ᠂ ᠬᠢᠨᠠᠨ ᠵᠢᠯᠣᠭᠤᠳᠤᠯᠭ᠎ᠠ ᠶᠢᠨ ᠠᠵᠢᠯ ᠤᠨ ᠲᠣᠳᠣᠷᠬᠠᠢ ᠳᠠᠩᠰᠠ ᠭᠠᠷᠭᠠᠨ ᠠᠵᠢᠯ ᠤᠨ | ᠬᠡᠯᠪᠡᠷᠢ ᠪᠠᠨ ᠥᠭᠡᠷᠡᠴᠢᠯᠡᠨ ᠰᠠᠶᠢᠵᠢᠷᠠᠭᠤᠯᠵᠤ᠂ ᠬᠢᠨᠠᠨ ᠵᠢᠯᠣᠭᠤᠳᠤᠯᠭ᠎ᠠ ᠶᠢᠨ ᠠᠵᠢᠯ ᠤᠨ ᠴᠢᠭᠯᠡᠭᠦᠯᠦᠯᠲᠦ ᠴᠢᠨᠠᠷ | ᠲᠠᠢ ᠦᠷ᠎ᠡ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠰᠠᠬᠢᠯᠭ᠎ᠠ ᠪᠠᠲᠤ ᠶᠢ ᠴᠢᠩᠭ᠎ᠠ ᠠᠳᠬᠤᠬᠤ ᠬᠡᠷᠡᠭᠲᠡᠢ᠃ | ᠡᠯ᠎ᠡ ᠰᠤᠮᠤ ᠪᠠᠯᠭᠠᠰᠤ ᠨᠢ ᠶᠠᠷᠢᠯᠴᠠᠯᠭ᠎ᠠ ᠰᠤᠷᠤᠯᠴᠠᠯᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ | ᠨᠠᠮ ᠤᠨ ᠭᠡᠰᠢᠭᠦᠨ ᠺᠠᠳ᠋ᠷ ᠠᠵᠢᠯᠲᠠᠨ ᠲᠣᠯᠣᠭᠠᠶᠢᠯᠠᠨ ᠬᠠᠤᠯᠢ ᠶᠢ ᠰᠤᠷᠤᠯᠴᠠᠵᠤ᠂ ᠬᠠᠤᠯᠢ ᠶᠢ ᠰᠠᠬᠢᠵᠤ᠂ ᠬᠠᠤᠯᠢ | ᠶᠣᠰᠣᠭᠠᠷ ᠰᠣᠩᠭᠤᠭᠤᠯᠢ ᠳᠤ ᠣᠷᠣᠯᠴᠠᠬᠤ ᠶᠢ ᠪᠠᠲᠤᠯᠠᠬᠤ ᠬᠡᠷᠡᠭᠲᠡᠢ᠃ ᠬᠤᠰᠢᠭᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠪᠦᠬᠦ ᠶᠠᠪᠤᠴᠠ | ᠳᠤ ᠬᠢᠨᠠᠯᠲᠠ ᠲᠠᠯᠪᠢᠵᠤ᠂ ᠬᠠᠷᠢᠭᠤᠴᠠᠯᠭ᠎ᠠ ᠨᠡᠬᠡᠮᠵᠢᠯᠡᠬᠦ ᠬᠦᠴᠦᠯᠡᠴᠡ ᠪᠠᠨ ᠨᠡᠮᠡᠭᠳᠡᠭᠦᠯᠦᠨ ᠲᠦᠪ ᠭᠤᠣᠯᠴᠢ | ᠠᠷᠢᠭᠤᠨ ᠴᠢᠬᠡᠴᠢ ᠰᠣᠩᠭᠤᠭᠤᠯᠢ ᠶᠢᠨ ᠣᠷᠴᠢᠨ ᠢ ᠪᠦᠷᠢᠯᠳᠦᠭᠦᠯᠬᠦ ᠬᠡᠷᠡᠭᠲᠡᠢ᠃ ᠪᠡᠯᠡᠳᠬᠡᠯ ᠠᠵᠢᠯ ᠢ ᠰᠠᠶᠢᠨ ᠬᠢᠬᠦ | ᠬᠡᠷᠡᠭᠲᠡᠢ᠃ ᠠᠵᠢᠯ ᠢᠶᠠᠨ ᠨᠠᠷᠢᠯᠢᠭ ᠵᠣᠬᠢᠶᠠᠨ ᠪᠠᠶᠢᠭᠤᠯᠤᠨ ᠪᠠᠶᠢᠷᠢᠯᠠᠭᠤᠯᠵᠤ᠂ ᠡᠭᠦᠰᠴᠦ ᠮᠡᠳᠡᠬᠦ ᠪᠠᠴᠢᠮ ᠪᠠᠶᠢᠳᠠᠯ ᠢ | ᠠᠷᠭᠠᠴᠠᠭᠠᠬᠤ ᠲᠥᠰᠥᠪ ᠲᠣᠭᠲᠠᠭᠠᠨ ᠭᠠᠷᠭᠠᠵᠤ᠂ ᠬᠤᠭᠤᠴᠠᠭ᠎ᠠ ᠰᠣᠯᠢᠬᠤ ᠠᠵᠢᠯ ᠤᠨ ᠯᠠᠪᠳᠠᠭᠤᠨ ᠡᠮᠬᠢ ᠵᠢᠷᠤᠮ | ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠦᠴᠦᠯᠡᠴᠡ ᠪᠠᠨ | ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠡᠷᠲᠡ ᠠᠴᠠ ᠪᠠᠭ᠎ᠠ ᠪᠠᠶᠢᠬᠤ ᠳᠡᠭᠡᠷ᠎ᠡ ᠨᠢ ᠪᠠᠶᠢᠴᠠᠭᠠᠨ | ᠰᠢᠢᠳᠪᠦᠷᠢᠯᠡᠬᠦ ᠶᠢ ᠪᠡᠶᠡᠯᠡᠭᠦᠯᠵᠦ᠂ ᠬᠥᠮᠥᠨ ᠠᠷᠠᠳ ᠤᠨ ᠠᠮᠤᠷ ᠲᠣᠭᠲᠠᠭᠤᠨ᠂ ᠠᠵᠢᠯ ᠤᠨ ᠠᠮᠤᠷ ᠲᠣᠭᠲᠠᠭᠤᠨ᠂ | ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠡᠢ᠃ |