ᠬᠤᠰᠢᠭᠤ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ 6.1 ᠤ ᠬᠡᠥᠬᠡᠳ ᠤᠨ ᠪᠠᠶᠠᠷ | ᠤᠨ ᠡᠳᠦᠷ ᠢ ᠪᠡᠯᠭᠡᠯᠡᠵᠦ 22 ᠳ᠋ᠤᠭᠠᠷ ᠤᠳᠠᠭᠠᠨ ᠤ ︽ᠢᠨᠢᠶᠡᠳᠦ ᠲᠦᠭᠦᠷᠡᠩ ᠪᠠᠭ᠎ᠠ ᠨᠠᠰᠤ︾ ᠰᠡᠳᠦᠪᠳᠤ | ᠰᠤᠷᠭᠠᠭᠤᠯᠢ ᠶᠢᠨ ᠬᠦᠷᠢᠶᠡᠨ ᠤ ᠤᠷᠠᠯᠢᠭ ᠤᠨ ᠴᠢᠭᠤᠯᠭᠠᠨ ᠢ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃ ᠡᠬᠢᠯᠡᠯᠲᠡ | ᠶᠢᠨ ᠶᠤᠰᠤᠯᠠᠯ ᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠢᠭᠡᠳᠦᠮᠡᠯ ᠹᠷᠣᠨᠲ ᠤᠨ | ᠭᠡᠯᠲᠡᠰ ᠤᠨ ᠲᠠᠷᠤᠭ᠎ᠠ ᠠᠯᠲᠠᠨᠲᠤᠶᠠᠭ᠎ᠠ᠂ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠤᠶᠤᠨᠪᠢᠯᠢᠭ᠌᠂ | ᠬᠤᠰᠢᠭᠤ ᠰᠤᠶᠤᠯ ᠷᠠᠳᠢᠣ᠋ ᠺᠢᠨᠣ᠋ ᠲᠧᠯᠸᠢᠰ ᠤᠨ ᠲᠤᠪᠴᠢᠶ᠎ᠠ᠂ ᠰᠤᠷᠭᠠᠨ ᠬᠦᠮᠦᠵᠢᠯ ᠤᠨ ᠲᠤᠪᠴᠢᠶ᠎ᠠ᠂ ᠦᠨᠳᠦᠰᠦᠲᠡᠨ | ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶ᠎ᠠ᠂ ᠪᠠᠶ᠎ᠠ ᠲᠠᠮᠢᠷ ᠤᠨ ᠲᠤᠪᠴᠢᠶ᠎ᠠ᠂ ᠷᠠᠳᠢᠣ᠋ ᠲᠧᠯᠸᠢᠰ | ᠦᠢᠯᠡᠴᠢᠯᠡᠭᠡᠨ ᠤ ᠲᠦᠪ ᠵᠡᠷᠭᠡ ᠪᠠᠶᠢᠭᠤᠯᠭ᠎ᠠ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤᠷᠤᠯᠴᠠᠭᠰᠠᠨ | ᠪᠠᠶᠢᠨ᠎ᠠ᠃ | ᠠᠵᠢᠯᠯᠠᠭᠠᠨ ᠳᠡᠭᠡᠷ᠎ᠡ᠂ ᠬᠤᠲᠡ ᠶᠢᠨ ᠲᠡᠰ ᠤᠨ ᠤᠳᠤᠨ ᠰᠤᠷᠤᠭᠴᠢ᠂ ᠬᠤᠰᠢᠭᠤᠴᠢ ᠠᠩᠭᠢ ᠶᠢᠨ ᠠᠷᠪᠠᠨ | ᠰᠤᠳᠤᠨ ᠪᠠᠭᠠᠴᠤᠳ᠂ ᠰᠢᠯᠢᠳᠡᠭ ᠬᠠᠪᠰᠤᠷᠤᠨ ᠵᠢᠯᠤᠭᠤᠳᠤᠭᠴᠢ ᠪᠠᠭᠰᠢ᠂ ᠰᠢᠯᠢᠳᠡᠭ ᠭᠡᠷ ᠤᠨ ᠠᠬᠠᠮᠠᠳ ᠵᠡᠷᠭᠡ | ᠪᠠᠭᠰᠢ ᠰᠤᠷᠤᠭᠴᠢ ᠬᠡᠷ ᠤᠨ ᠠᠬᠠᠮᠠᠳ ᠢ ᠱᠠᠩᠨᠠᠨ ᠭᠦᠬᠢᠭᠦᠯᠦᠭᠰᠡᠨ ᠤ ᠬᠠᠮᠲᠤ ᠬᠦᠳᠡᠭᠡ ᠲᠤᠰᠬᠤᠨ ᠤ ᠢᠲᠡᠭᠡᠮᠵᠢ | ᠶᠢᠨ ᠬᠤᠷᠰᠢᠶ᠎ᠠ ᠪᠠ ᠮᠠᠯᠴᠢᠨ ᠬᠤᠪᠢ ᠬᠦᠮᠦᠨ ᠠᠴᠠ ᠶᠠᠳᠠᠭᠤ ᠭᠦᠴᠢᠷᠳᠡᠯᠲᠡᠢ ᠰᠤᠷᠤᠭᠴᠢ ᠶᠢ ᠲᠡᠮᠵᠢᠨ ᠲᠤᠰᠠᠯᠠᠭᠰᠠᠨ | ᠪᠠᠶᠢᠨ᠎ᠠ᠃ | ᠲᠤᠰ ᠤᠳᠠᠭᠠᠨ ᠤ 6 ᠰᠠᠷ᠎ᠠ ᠶᠢᠨ 1 ᠤ ᠬᠡᠤᠬᠡᠳ ᠤᠨ ᠪᠠᠶᠠᠷ ᠤᠨ ᠡᠳᠦᠷ ᠢ ᠪᠡᠯᠭᠡᠯᠡᠬᠦ ᠠᠵᠢᠯᠯᠠᠭᠠᠨ ᠳᠤ᠂ | ᠪᠦᠬᠦ ᠰᠤᠷᠭᠠᠭᠤᠯᠢ ᠶᠢᠨ ᠰᠤᠷᠤᠭᠴᠢ ᠨᠠᠷ ᠠᠴᠠ ᠲᠠᠭᠤᠤ ᠪᠦᠵᠢᠭ ᠵᠡᠷᠭᠡ ᠤᠷᠡᠨ ᠰᠠᠶᠢᠬᠠᠨ ᠤ ᠲᠤᠭᠯᠠᠯᠲᠠ ᠭᠠᠷᠭᠠᠨ | ᠪᠠᠶᠠᠷ ᠤᠨ ᠡᠳᠦᠷ ᠢᠶᠠᠨ ᠤᠳᠬ᠎ᠠ ᠲᠡᠭᠦᠯᠳᠡᠷ ᠲᠡᠮᠲᠡᠭᠯᠡᠭᠰᠡᠨ ᠪᠠᠶᠢᠨ᠎ᠠ᠃ | |