5 ᠰᠠᠷ᠎ᠠ ᠶᠢᠨ 31 ᠤ ᠡᠳᠤᠷ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ | ᠬᠤᠷᠠᠯᠳᠣᠭᠠᠨ ᠵᠢᠴᠢ ᠦᠬᠡᠷᠡᠴᠢᠯᠡᠯᠲᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠣᠳᠣᠷᠢᠳᠬᠤ ᠳᠣᠭᠤᠶᠢᠯᠠᠩ ᠤᠨ | ᠬᠤᠷᠠᠯᠳᠣᠭᠠᠨ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠤᠷᠠᠯᠳᠣᠪᠠ᠃ ᠬᠤᠳᠠ ᠶᠢᠨ ᠣᠯᠣᠰ | ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠲᠣ ᠬᠤᠷᠠᠯ | ᠡᠷᠬᠢᠯᠡᠪᠡ᠃ ᠪᠣᠶᠠᠨᠮᠠᠨᠳᠣᠬᠤ᠂ ᠰᠣᠷᠭᠠᠯᠲᠣ᠂ ᠸᠠᠩ ᠯᠢ ᠫᠢᠩ᠂ ᠴᠢᠶᠣᠣ ᠠᠢ ᠫᠢᠩ᠂ ᠯᠠᠨ ᠲᠢᠶᠠᠨ᠂ ᠵᠠᠩ ᡁᠢ | ᠰᠢᠦ᠋ᠩ᠂ ᠹᠧᠩ ᡁᠢ ᠮᠢᠩ᠂ ᠵᠣᠣ ᠶᠦᠩ ᠹᠧᠩ᠂ ᠠᠯᠳᠠᠨᠳᠣᠶᠠᠭ᠎ᠠ᠂ ᠵᠠᠩ ᠱᠦ ᠰᠢᠤᠸᠠᠨ ᠵᠡᠷᠭᠡ ᠰᠢᠶᠠᠨ ᠤ ᠳᠡᠰ | ᠤᠨ ᠣᠳᠣᠷᠢᠳᠣᠯᠭ᠎ᠠ ᠬᠤᠷᠠᠯ ᠳᠤ ᠣᠷᠣᠯᠴᠠᠪᠠ᠃ ᠨᠡᠬᠡᠬᠡᠯᠳᠡ ᠶᠢᠨ ᠲᠤᠭᠤᠷᠢᠭ᠂ ᠠᠷᠠᠳ ᠤᠨ ᠰᠢᠬᠦᠬᠦ ᠬᠤᠷᠢᠶ᠎ᠠ᠂ | ᠠᠷᠠᠳ ᠤᠨ ᠪᠠᠶᠢᠴᠠᠭᠠᠬᠤ ᠬᠤᠷᠢᠶ᠎ᠠ᠂ ᠡᠯ᠎ᠡ ᠰᠣᠮᠣ ᠪᠠᠯᠭᠠᠰᠣ᠂ ᠬᠤᠰᠢᠭᠤ ᠬᠠᠮᠢᠶ᠎ᠠ ᠪᠦᠬᠦᠢ ᠰᠢᠭᠤᠳ ᠬᠠᠷᠢᠶ᠎ᠠ | ᠠᠯᠪᠠᠨ ᠪᠠᠶᠢᠭᠤᠯᠭ᠎ᠠ ᠶᠢᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶ᠎ᠠ ᠶᠢᠨ ︽ᠵᠠᠩ ᠱᠦ ᠰᠢᠤᠸᠠᠨ ᠨᠦᠬᠦᠷ ᠢ ᠳᠣᠰᠢᠶᠠᠯ ᠳᠤ | ᠳᠣᠮᠢᠯᠠᠬᠤ ᠳᠣᠬᠠᠢ ᠮᠡᠳᠡᠭᠳᠡᠯ︾ ᠢ ᠣᠩᠰᠢᠵᠣ᠂ ᠵᠠᠩ ᠱᠦ ᠰᠢᠤᠸᠠᠨ ᠨᠦᠬᠦᠷ ᠢ ᠦᠦᠰᠢᠨ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠡᠰᠢᠬᠦᠨ ᠢᠶᠠᠷ ᠳᠣᠮᠢᠯᠠᠪᠠ᠃ ᠵᠢᠷᠭᠠᠯᠲᠣ ᠠᠴᠠ ᠵᠠᠩ ᠱᠦ ᠰᠢᠤᠸᠠᠨ ᠳᠤ ᠪᠠᠶᠠᠷ | ᠬᠦᠷᠬᠡᠬᠦ ᠶᠢᠨ ᠬᠠᠮᠲᠣ ᠬᠤᠶᠢᠰᠢᠳᠠ ᠶᠢᠨ ᠠᠵᠢᠯ ᠳᠠᠭᠠᠨ ᠠᠷᠠᠳ ᠤᠨ ᠵᠡᠪᠰᠡᠭᠲᠣ ᠬᠦᠴᠦᠨ ᠤ ᠬᠡᠯᠳᠡᠰ ᠤᠨ ᠰᠢᠯᠢᠳᠡᠭ | ᠣᠯᠠᠮᠵᠢᠯᠠᠯ ᠢ ᠪᠠᠳᠠᠷᠠᠭᠤᠯᠵᠣ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠤ ᠡᠬᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠦ᠂ ᠪᠦᠬᠦ ᠬᠤᠰᠢᠭᠤᠨ ᠤ ᠠᠵᠣ ᠠᠬᠤᠢ ᠨᠡᠶᠢᠬᠡᠮ ᠤᠨ | ᠬᠦᠭᠵᠢᠯᠲᠡ ᠳᠤ ᠬᠤᠪᠢ ᠨᠡᠮᠡᠷᠢ ᠦᠵᠡᠭᠦᠯᠦᠰᠦᠭᠡᠢ ᠬᠡᠰᠡᠨ ᠪᠠᠶᠢᠨ᠎ᠠ᠃ | ᠬᠤᠷᠠᠯ ᠳᠡᠭᠡᠷ᠎ᠡ᠂ ︽ᠪᠦᠬᠦ ᠣᠯᠣᠰ ᠤᠨ ᠠᠮᠢ ᠠᠬᠤᠢ ᠣᠷᠴᠢᠨ ᠳᠣᠭᠤᠷᠢᠨ ᠤ ᠬᠠᠮᠠᠭᠠᠯᠠᠯᠲᠠ ᠶᠢᠨ ᠶᠡᠭᠡ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠣᠷᠣᠯᠴᠠᠨ ᠳᠣᠣᠱᠯᠠᠭᠤᠯᠬᠤ ᠳᠣᠬᠠᠢ ᠮᠡᠳᠡᠭᠳᠡᠯ︾᠂ ᠯᠢ ᠵᠢᠢ | ᠾᠧᠩ ᠱᠦᠵᠢ ᠶᠢᠨ ᠲᠦᠩᠯᠢᠶᠣᠣ ᠬᠤᠳᠠᠨ ᠳᠤ ᠬᠢᠨᠠᠨ ᠵᠢᠯᠣᠭᠤᠳᠴᠣ᠂ ᠰᠣᠩᠭᠤᠨ ᠪᠠᠶᠢᠴᠠᠭᠠᠯᠲᠠ ᠬᠢᠬᠦ ᠦᠶᠡᠰ | ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠦᠪᠡᠷᠳᠡᠭᠡᠨ ᠵᠠᠰᠠᠬᠤ ᠣᠷᠣᠨ ᠤ ︽ᠶᠠᠳᠠᠭᠤ ᠠᠴᠠ ᠠᠩᠬᠢᠵᠢᠷᠠᠭᠤᠯᠬᠤ | ᠰᠢᠪᠳᠣᠯᠣᠯᠲᠠ ᠶᠢᠨ ᠠᠵᠢᠯ ᠳᠣᠮᠳᠠ ᠬᠠᠷᠢᠭᠤᠴᠠᠯᠭ᠎ᠠ ᠪᠠᠨ ᠡᠭᠦᠷᠭᠡᠯᠡᠬᠦ ᠦᠭᠡᠢ᠂ ᠠᠵᠢᠯ ᠢᠶᠠᠨ ᠰᠠᠶᠢᠨ ᠬᠢᠬᠦ ᠦᠬᠡᠢ | ᠬᠤᠰᠢᠭᠤ ᠰᠢᠶᠠᠨ ᠤ ᠨᠠᠮ ᠵᠠᠰᠠᠭ ᠤᠨ ᠵᠢᠩᠬᠢᠨᠢ ᠳᠣᠰᠢᠶᠠᠯᠳᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠳᠣᠬᠠᠢ ᠮᠡᠳᠡᠭᠳᠡᠯ | ︾ ᠵᠡᠷᠭᠡ ᠶᠢ ᠣᠯᠠᠮᠵᠢᠯᠠᠨ ᠰᠣᠷᠣᠯᠴᠠᠭᠰᠠᠨ ᠪᠠᠶᠢᠨ᠎ᠠ᠃ | ᠵᠢᠷᠭᠠᠯᠲᠣ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠭᠤᠷᠪᠠᠨ ᠶᠡᠭᠡ | ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠳᠣᠷ ᠬᠢᠵᠦ᠂ ᠬᠠᠷᠢᠭᠤᠴᠠᠯᠭ᠎ᠠ ᠪᠠᠨ ᠡᠬᠦᠷᠭᠡᠯᠡᠵᠦ᠂ ᠡᠬᠦᠷᠭᠡ ᠪᠠᠨ | ᠳᠣᠣᠱᠯᠠᠭᠤᠯᠣᠨ᠂ ᠡᠯ᠎ᠡ ᠪᠤᠭᠤᠮᠲᠠ ᠰᠢᠪᠲᠤᠯᠬᠤ ᠠᠵᠢᠯ ᠢ ᠴᠠᠭ ᠲᠠᠭᠠᠨ ᠪᠡᠶᠡᠯᠡᠬᠦᠯᠬᠦ ᠶᠢ ᠪᠠᠳᠣᠯᠠᠬᠤ ᠬᠡᠷᠡᠭᠲᠡᠢ᠃ | ᠲᠦᠪ ᠤᠨ ᠠᠮᠢ ᠠᠬᠤᠢ ᠣᠷᠴᠢᠨ ᠳᠣᠭᠤᠷᠢᠨ ᠤ ᠬᠢᠨᠠᠨ ᠪᠠᠶᠢᠴᠠᠭᠠᠯᠳᠠ ᠵᠢᠴᠢ ᠮᠠᠨ ᠤ ᠬᠤᠰᠢᠭᠤᠨ ᠤ ᠣᠷᠴᠢᠨ | ᠳᠣᠭᠤᠷᠢᠨ ᠤ ᠬᠠᠮᠠᠭᠠᠯᠠᠯᠲᠠ ᠶᠢᠨ ᠵᠠᠬᠢᠳᠠᠯ ᠰᠣᠷᠪᠣᠯᠵᠢᠯᠠᠭ᠎ᠠ ᠶᠢ ᠨᠠᠮᠳᠠᠭᠠᠬᠤ ᠪᠠ ᠪᠠᠶᠢᠴᠠᠭᠠᠨ ᠰᠢᠢᠳᠪᠦᠷᠢᠯᠡᠬᠦ ᠳᠤ | ᠬᠤᠯᠪᠣᠭᠳᠠᠭᠰᠠᠨ ᠠᠵᠢᠯ ᠢ ᠰᠠᠶᠢᠳᠣᠷ ᠬᠢᠵᠦ᠂ ᠳᠠᠩᠰᠠ ᠡᠪᠬᠡᠮᠡᠯ ᠢ ᠡᠮᠬᠢᠳᠬᠡᠬᠦ ᠠᠵᠢᠯ ᠢ ᠰᠠᠶᠢᠨ ᠬᠢᠵᠦ᠂ ᠠᠵᠢᠯ | ᠤᠨ ᠵᠣᠬᠢᠴᠠᠭᠤᠯᠣᠯᠲᠠ ᠪᠠ ᠬᠢᠨᠠᠨ ᠪᠠᠶᠢᠴᠠᠭᠠᠯᠲᠠ ᠶᠢ ᠴᠢᠩᠭᠠᠳᠬᠠᠵᠣ᠂ ᠳᠦᠪ ᠴᠢᠩᠭ᠎ᠠ ᠪᠠᠷ ᠬᠠᠷᠢᠭᠤᠴᠠᠯᠭ᠎ᠠ | ᠨᠡᠬᠡᠮᠵᠢᠯᠡᠵᠦ᠂ ᠨᠡᠶᠢᠬᠡᠮ ᠤᠨ ᠠᠬᠤᠢ ᠪᠠᠶᠢᠳᠠᠯ ᠡᠶ᠎ᠡ ᠵᠣᠬᠢᠴᠠᠩᠭᠤᠢ ᠠᠮᠣᠷ ᠳᠣᠭᠳᠠᠭᠤᠨ ᠪᠠᠶᠢᠬᠤ ᠶᠢ ᠪᠠᠳᠣᠯᠠᠬᠤ | ᠬᠡᠷᠡᠭᠲᠡᠢ᠃ ᠲᠡᠳᠬᠦᠨ ᠳᠡᠮᠵᠢᠵᠦ ᠪᠠᠶᠢᠭ᠎ᠠ ᠡᠷᠦᠬᠡ ᠶᠢ ᠠᠵᠤ ᠦᠢᠯᠡᠰ ᠢᠶᠠᠷ ᠳᠡᠮᠵᠢᠬᠦ ᠶᠢ ᠦᠷᠭᠦᠯᠵᠢᠯᠡᠨ | ᠴᠢᠩᠭᠠᠳᠬᠠᠵᠤ᠂ ᠨᠠᠷᠢᠯᠢᠭ ᠣᠨᠣᠪᠴᠢᠲᠠᠢ ᠪᠠᠷ ᠢᠯᠭᠠᠨ ᠲᠠᠨᠢᠵᠤ᠂ ᠨᠠᠷᠢᠯᠢᠭ ᠣᠨᠣᠪᠴᠢᠲᠠᠢ ᠪᠠᠷ ᠪᠣᠳᠣᠯᠭ᠎ᠠ | ᠲᠣᠭᠲᠠᠭᠠᠨ᠂ ᠪᠣᠳᠠᠳᠠᠢ ᠬᠦᠴᠢᠷᠳᠡᠯ ᠢ ᠨᠢ ᠦᠨᠡᠨᠬᠦ ᠰᠢᠢᠳᠪᠤᠷᠢᠯᠡᠵᠤ᠂ ᠶᠠᠳᠠᠭᠤ ᠠᠴᠠ ᠠᠩᠬᠢᠵᠢᠷᠠᠭᠤᠯᠬᠤ | ᠰᠢᠪᠳᠣᠯᠣᠯᠲᠠ ᠶᠢᠨ ᠠᠵᠢᠯ ᠢ ᠠᠬᠢᠭᠤᠯᠬᠤ ᠬᠡᠷᠡᠭᠲᠡᠢ᠃ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠠᠵᠢᠯ ᠢ | ᠰᠠᠶᠢᠳᠣᠷ ᠬᠢᠵᠦ᠂ ᠪᠡᠯᠡ ᠮᠦᠩᠬᠦᠨ ᠤ ᠬᠡᠷᠡᠭᠯᠡᠯᠲᠡ ᠶᠢ ᠵᠣᠬᠢᠴᠠᠭᠤᠯᠣᠨ ᠪᠡᠯᠡ ᠣᠷᠣᠭᠤᠯᠣᠯᠲᠠ ᠶᠢᠨ ᠰᠠᠶᠢᠨ | ᠰᠠᠶᠢᠬᠠᠨ ᠣᠷᠴᠢᠨ ᠢ ᠪᠦᠷᠢᠯᠳᠦᠬᠦᠯᠵᠦ᠂ ᠲᠦᠷᠦᠯ ᠵᠦᠢᠯ ᠤᠨ ᠡᠬᠢᠯᠡᠯᠳᠡ ᠳᠡᠭᠡᠷ᠎ᠡ ᠬᠦᠴᠦ ᠳᠠᠯᠪᠢᠨ ᠵᠠᠰᠠᠭ ᠤᠨ | ᠣᠷᠳᠣᠨ ᠤ ᠦᠷᠢ ᠦᠭᠴᠡᠭᠡ ᠶᠢ ᠢᠯᠭᠠᠷᠠᠭᠤᠯᠬᠤ ᠠᠵᠢᠯ ᠢ ᠡᠮᠬᠢ ᠳᠢᠭᠯᠢᠮ ᠲᠠᠢ ᠬᠦᠴᠦᠯᠡᠨ ᠠᠬᠢᠭᠤᠯᠬᠤ ᠬᠡᠷᠡᠭᠲᠡᠢ | ᠬᠡᠪᠡ᠃ | ᠬᠤᠷᠠᠯ ᠳᠡᠭᠡᠷ᠎ᠡ᠂ ︽ᠰᠢ ᠶᠢᠨ ᠫᠢᠩ ᠶᠡᠷᠤᠩᠭᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ | ᠪᠦᠭᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠦᠪᠤᠷ | ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶᠠᠰ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠣᠷᠢᠵᠢᠭᠤᠯᠬᠤ ᠳᠣᠬᠠᠢ ᠬᠤᠰᠢᠭᠤ ᠨᠠᠮ ᠤᠨ ᠬᠤᠷᠢᠶ᠎ᠠ ᠶᠢᠨ | ᠭᠡᠷᠡᠭᠵᠢᠭᠦᠯᠭᠦ ᠰᠠᠨᠠᠯ︾ ᠢ ᠰᠤᠳᠤᠯᠤᠨ ᠶᠠᠷᠢᠯᠴᠠᠵᠤ᠂ ᠬᠤᠰᠢᠭᠤ ᠨᠠᠮ ᠤᠨ ᠬᠤᠷᠢᠶᠠᠨ ᠤ ᠠᠷᠪᠠᠨ ᠳᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ ᠳᠤᠯᠤᠳᠤᠭᠠᠷ ᠤᠳᠠᠭᠠᠨ ᠤ ᠪᠦᠭᠦ ᠭᠡᠰᠢᠭᠦᠳ ᠤᠨ ᠬᠤᠷᠠᠯ ᠤᠨ ᠪᠡᠯᠡᠳᠭᠡᠯ ᠤᠨ | ᠪᠠᠶᠢᠳᠠᠯ ᠳᠤ ᠬᠢᠨᠠᠯᠳᠠ ᠳᠠᠯᠪᠢᠵᠤ᠂ ︽ᠦᠤᠰᠢᠨ ᠬᠤᠰᠢᠭᠤᠨ ᠤ ᠪᠦᠭᠦ ᠣᠯᠣᠰ ᠤᠨ ᠦᠨᠳᠤᠰᠤᠳᠠᠨ ᠤ ᠪᠦᠯᠭᠦᠮᠳᠠᠯ | ᠳᠠᠪᠰᠢᠯᠲᠠ ᠶᠢᠨ ᠵᠢᠱᠢᠶ᠎ᠡ ᠦᠵᠡᠭᠦᠯᠭᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠭᠡᠷᠡᠭᠵᠢᠭᠦᠯᠭᠦ ᠲᠦᠰᠦᠯ ︵ | 2018 —2019︶︾᠂ ︽ᠦᠤᠰᠢᠨ ᠬᠤᠰᠢᠭᠤᠨ ᠤ ᠦᠨᠳᠤᠰᠤᠳᠠᠨ ᠤ ᠪᠦᠯᠭᠦᠮᠳᠠᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯᠯᠠᠭᠠᠨ ᠤ ᠵᠢᠱᠢᠶ᠎ᠡ ᠦᠵᠡᠬᠦᠯᠬᠦ ᠴᠡᠭ ᠤᠨ ᠭᠡᠷᠡᠭᠵᠢᠭᠦᠯᠭᠦ ᠳᠦᠰᠦᠯ︾ ᠵᠡᠷᠭᠡ ᠳᠦᠰᠦᠯ ᠪᠠ ᠠᠷᠭ᠎ᠠ | ᠪᠠᠷᠢᠯ ᠢ ᠰᠣᠳᠣᠯᠣᠨ ᠶᠠᠷᠢᠯᠴᠠᠵᠣ᠂ ᠪᠢᠴᠢᠭ ᠤᠨ ᠭᠡᠯᠪᠠᠷᠢ ᠪᠠᠷ ᠦᠭᠡᠷᠡᠴᠢᠯᠠᠯᠳᠠ ᠶᠢ ᠪᠦᠭᠦ ᠳᠠᠯ᠎ᠠ ᠪᠠᠷ | ᠬᠦᠨᠵᠡᠬᠡᠶᠢᠷᠡᠬᠦᠯᠬᠦ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠪᠤᠯᠤᠨ ᠮᠠᠨ ᠤ ᠬᠤᠰᠢᠭᠤᠨ ᠤ ᠳᠤᠰᠬᠠᠢ ᠲᠦᠷᠦᠯ | ᠤᠨ ᠦᠭᠡᠷᠡᠴᠢᠯᠡᠯᠳᠠ ᠶᠢᠨ ᠠᠬᠢᠭᠤᠯᠤᠯᠳᠠ ᠶᠢᠨ ᠪᠠᠶᠢᠳᠠᠯ ᠤᠨ ᠲᠤᠬᠠᠢ ᠤᠯᠠᠮᠵᠢᠯᠠᠨ ᠰᠤᠷᠤᠯᠴᠠᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠤᠨ ᠦᠬᠡᠷᠡᠴᠢᠯᠡᠯᠲᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠠᠵᠢᠯ ᠢ ᠰᠠᠶᠢᠲᠤᠷ | ᠠᠳᠬᠤᠬᠤ ᠳᠣᠬᠠᠢ ᠵᠢᠷᠭᠠᠯᠲᠣ ᠴᠢᠬᠤᠯᠠᠴᠢᠯᠠᠬᠤ ᠳᠠᠭᠠᠨ᠂ ᠦᠬᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠦᠵᠡᠯ | ᠰᠠᠨᠠᠭ᠎ᠠ ᠪᠠᠨ ᠳᠠᠬᠢᠨᠳᠠ ᠴᠢᠯᠦᠬᠡᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ | ᠣᠨᠴᠠᠯᠢᠭ ᠪᠦᠬᠦᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠭᠤᠯᠵᠣ᠂ ᠲᠦᠪ᠂ ᠦᠪᠡᠷᠳᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠡᠯ᠎ᠡ ᠳᠦᠷᠦ ᠶᠢᠨ ᠪᠣᠳᠣᠯᠭ᠎ᠠ | ᠪᠠᠶᠢᠷᠢᠯᠠᠭᠤᠯᠣᠯᠲᠠ ᠶᠢ ᠳᠣᠣᠱᠯᠠᠭᠤᠯᠵᠣ᠂ ︽ᠲᠦᠷᠪᠡᠨ ᠣᠬᠠᠮᠰᠠᠷ︾ ᠢ ᠪᠦᠷᠢᠯᠳᠦᠬᠦᠯᠵᠦ᠂ ︽ᠳᠦᠷᠪᠡᠨ ᠢᠳᠡᠬᠡᠯ︾ | ᠢᠶᠠᠨ ᠪᠠᠳᠣᠳᠬᠠᠵᠣ᠂ ᠦᠬᠡᠷᠡᠴᠢᠯᠡᠯᠲᠡ ᠶᠢᠨ ᠠᠷᠭ᠎ᠠ ᠪᠠᠷ ᠠᠵᠢᠯ ᠢᠶᠠᠨ ᠳᠣᠣᠱᠯᠠᠭᠤᠯᠣᠨ ᠠᠬᠢᠭᠤᠯᠵᠣ᠂ ᠡᠯ᠎ᠡ ᠳᠠᠯ᠎ᠠ | ᠶᠢᠨ ᠰᠠᠨᠠᠯ ᠰᠠᠨᠠᠭᠤᠯᠣᠮᠵᠢ ᠶᠢ ᠰᠣᠨᠣᠰᠴᠣ᠂ ᠪᠣᠳᠠᠲᠠᠢ ᠠᠷᠭ᠎ᠠ ᠪᠠᠷᠢᠯ ᠢᠶᠠᠷ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ | ᠵᠢᠯ ᠤᠨ ᠡᠬᠢᠨ ᠳᠤ ᠳᠣᠭᠳᠠᠭᠠᠭᠰᠠᠨ ᠡᠯ᠎ᠡ ᠵᠦᠢᠯ ᠤᠨ ᠦᠬᠡᠷᠡᠴᠢᠯᠡᠯᠳᠡ ᠶᠢᠨ ᠡᠬᠦᠷᠭᠡ ᠳᠤ ᠴᠢᠭᠯᠡᠬᠦᠯᠦᠨ ᠡᠯ᠎ᠡ | ᠳᠣᠰᠬᠠᠢ ᠳᠦᠷᠦᠯ ᠤᠨ ᠪᠠᠭ᠎ᠠ ᠳᠣᠭᠤᠶᠢᠯᠠᠩ ᠪᠠ ᠡᠯ᠎ᠡ ᠭᠠᠵᠠᠷ ᠡᠯ᠎ᠡ ᠰᠠᠯᠠᠭ᠎ᠠ ᠮᠦᠴᠢᠷ ᠶᠢᠨ ᠭᠤᠣᠯ | ᠬᠠᠷᠢᠭᠤᠴᠠᠯᠭᠠᠳᠠᠨ ︽ᠨᠢᠬᠡᠳᠦᠬᠡᠷ ᠬᠠᠷᠢᠭᠤᠴᠠᠯᠭ᠎ᠠ ᠶᠢᠨ ᠬᠥᠮᠥᠨ︾ ᠤ ᠡᠬᠦᠷᠭᠡ ᠬᠠᠷᠢᠭᠤᠴᠠᠯᠭ᠎ᠠ ᠪᠠᠨ ᠡᠬᠦᠷᠭᠡᠯᠡᠵᠦ᠂ | ᠡᠷᠡᠮᠡᠬᠡᠶᠢᠯᠡᠨ ᠠᠵᠢᠯᠯᠠᠵᠣ ᠦᠨᠡᠨᠬᠦ ᠦᠬᠡᠷᠡᠴᠢᠯᠡᠯᠲᠡ ᠶᠢᠨ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠨᠢᠬᠡᠳᠦᠯᠲᠡᠢ ᠲᠦᠯᠦᠪᠯᠡᠨ ᠵᠣᠬᠢᠴᠠᠭᠤᠯᠵᠣ᠂ ᠬᠠᠷᠢᠯᠴᠠᠨ ᠬᠠᠪᠰᠤᠷᠤᠯᠴᠠᠨ᠂ ᠮᠠᠨ ᠤ ᠬᠤᠰᠢᠭᠤᠨ ᠤ ᠥᠪᠡᠷᠮᠢᠴᠡ | ᠣᠨᠴᠠᠯᠢᠭ ᠲᠠᠢ ᠤᠶᠠᠯᠳᠤᠭᠤᠯᠤᠨ᠂ ᠡᠯ᠎ᠡ ᠳᠣᠰᠬᠠᠢ ᠳᠦᠷᠦᠯ ᠤᠨ ᠪᠠᠭ᠎ᠠ ᠳᠣᠭᠤᠶᠢᠯᠠᠩ ᠪᠠ ᠡᠯ᠎ᠡ ᠭᠠᠵᠠᠷ ᠡᠯ᠎ᠡ | ᠰᠠᠯᠠᠭ᠎ᠠ ᠮᠦᠴᠢᠷ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠣ᠂ ᠦᠭᠡᠷᠡᠴᠢᠯᠡᠯᠳᠡ ᠨᠢ ᠣᠯᠣᠯᠳᠠ ᠲᠠᠢ᠂ | ᠪᠦᠲᠦᠮᠵᠢᠲᠡᠢ᠂ ᠠᠬᠢᠯᠳᠠ ᠲᠠᠢ ᠪᠠᠶᠢᠬᠤ ᠶᠢ ᠪᠠᠳᠣᠯᠠᠬᠤ ᠬᠡᠷᠡᠭᠲᠡᠢ ᠬᠡᠪᠡ᠃ | |