ᠮᠠᠨ ᠤ ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠴᠡᠴᠡᠷᠯᠢᠭ ᠨᠢ ᠴᠡᠴᠡᠷᠯᠢᠭ ᠤᠨ ᠬᠦᠷᠢᠶᠡᠨ ᠤ | ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠬᠡᠦᠬᠡᠳ ᠤᠨ ᠦᠪᠡᠷᠮᠢᠴᠡ ᠣᠨᠴᠠᠯᠢᠭ ᠢᠶᠠᠨ | ᠪᠠᠳᠠᠷᠠᠭᠤᠯᠤᠨ ᠪᠦᠬᠦ ᠲᠠᠯ᠎ᠠ ᠪᠠᠷ ᠴᠢᠳᠠᠪᠤᠷᠢᠵᠢᠬᠤ ᠶᠢ ᠳᠠᠶᠢᠴᠢᠯᠠᠨ᠂ ᠡᠶ᠎ᠡ ᠵᠣᠬᠢᠴᠠᠩᠭᠤᠢ᠂ ᠪᠠᠶᠠᠷ ᠬᠦᠷ ᠲᠠᠢ᠂ | ᠠᠬᠢᠨ ᠳᠠᠪᠰᠢᠯᠲᠠ ᠲᠠᠢ ᠳᠡᠯᠡᠬᠡᠢ ᠶᠢᠨ ᠬᠡᠦᠬᠡᠳ ᠤᠨ ᠪᠠᠶᠠᠷ ᠢ ᠦᠩᠭᠡᠷᠡᠭᠦᠯᠬᠦ ᠶᠢᠨ ᠲᠦᠯᠦᠭᠡ᠂ ᠦᠣᠰᠢᠨ | ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ 2018 ᠣᠨ ᠤ ︽6᠂1︾ ᠢ ᠪᠡᠯᠭᠡᠯᠡᠬᠦ | ᠱᠠᠩᠨᠠᠨ ᠭᠦᠬᠢᠭᠦᠯᠬᠦ ᠶᠡᠭᠡ ᠬᠤᠷᠠᠯ ᠵᠢᠴᠢ ᠰᠤᠷᠬᠤ ᠨᠠᠰᠤᠨ ᠠᠴᠠ ᠡᠮᠦᠨᠡᠬᠢ ᠬᠦᠮᠦᠵᠢᠯ ᠤᠨ ᠤᠬᠠᠭᠤᠯᠭ᠎ᠠ ᠶᠢᠨ | ᠠᠵᠢᠯᠯᠠᠭᠠᠨ ᠤ ᠳᠠᠶᠢᠴᠢᠯᠠᠯᠲᠠ ᠶᠢᠨ ᠶᠣᠰᠤᠯᠠᠯ ᠢ ᠶᠠᠪᠤᠭᠳᠠᠭᠤᠯᠤᠭᠰᠠᠨ ᠪᠠᠶᠢᠨ᠎ᠠ᠃ | ᠦᠷᠯᠦᠭᠡ ᠡᠷᠲᠡ ᠦᠩᠭᠡ ᠦᠩᠭᠡ ᠶᠢᠨ ᠳᠡᠪᠡᠯ ᠢᠶᠠᠷ ᠭᠤᠶᠣᠭᠰᠠᠨ ᠪᠢᠴᠢᠬᠠᠨ ᠬᠡᠦᠬᠡᠳ ᠤᠳ ᠪᠠᠭᠰᠢ | ᠨᠠᠷ ᠤᠨ ᠢᠶᠠᠨ ᠳᠠᠭᠠᠭᠤᠯᠭ᠎ᠠ ᠪᠠᠷ ᠶᠣᠰᠣᠯᠠᠯ ᠤᠨ ᠲᠠᠯᠠᠪᠤᠷ ᠲᠤ ᠣᠷᠣᠵᠣ ᠵᠢᠷᠭᠤᠭᠠᠨ ᠰᠠᠷ᠎ᠠ ᠶᠢᠨ ᠨᠢᠭᠡᠨ ᠢᠶᠠᠨ | ᠤᠬᠲᠤᠬᠤ ᠠᠵᠢᠯᠯᠠᠭᠠᠨ ᠳᠤ ᠤᠷᠤᠯᠴᠠᠯ᠎ᠠ᠃ ᠳᠣᠰ ᠤᠳᠠᠭᠠᠨ ᠤ ᠵᠢᠷᠭᠤᠭᠠᠨ ᠰᠠᠷ᠎ᠠ ᠶᠢᠨ ᠨᠢᠭᠡᠨ ᠢ ᠪᠡᠯᠭᠡᠯᠡᠬᠦ | ᠠᠵᠢᠯᠯᠠᠭᠠᠨ ᠳᠤ ᠣᠨ ᠤ ᠳᠤᠭᠤᠶᠢᠯᠠᠩ ᠢᠶᠠᠷ ᠨᠢᠭᠡᠴᠡᠯᠡᠭᠰᠡᠨ ᠭᠡᠷ ᠤᠨ ᠠᠬᠠᠮᠠᠳ᠂ ᠬᠡᠦᠬᠡᠳ ᠤᠨ ᠰᠤᠨᠢᠷᠬᠠᠯᠲᠤ | ᠲᠠᠮᠢᠷ ᠤᠨ ᠤᠷᠤᠯᠳᠤᠭᠠᠨ ᠢ ᠱᠠᠩᠨᠠᠨ ᠭᠦᠬᠢᠭᠦᠯᠬᠦ ᠠᠵᠢᠯᠯᠠᠭ᠎ᠠ᠂ ᠰᠤᠷᠬᠤ ᠨᠠᠰᠤᠨ ᠠᠴᠠ ᠡᠮᠦᠨᠡᠬᠢ ᠬᠦᠮᠦᠵᠢᠯ ᠤᠨ | ᠤᠬᠠᠭᠤᠯᠭ᠎ᠠ ᠶᠢᠨ ᠠᠵᠢᠯᠯᠠᠭᠠᠨ ᠤ ᠳᠠᠶᠢᠴᠢᠯᠠᠯᠲᠠ ᠶᠢᠨ ᠶᠣᠰᠤᠯᠠᠯ ᠵᠡᠷᠭᠡ ᠰᠢᠷᠢᠰ ᠠᠭᠤᠯᠭ᠎ᠠ ᠶᠢ ᠶᠠᠪᠤᠭᠳᠠᠭᠤᠯᠬᠤ | ᠶᠢᠨ ᠬᠠᠮᠲᠤ ᠳᠣᠰ ᠤᠳᠠᠭᠠᠨ ᠤ ᠠᠵᠢᠯᠯᠠᠭᠠᠨ ᠳᠡᠭᠡᠷ᠎ᠡ ᠬᠤᠰᠢᠭᠤ ᠱᠠᠳᠤᠨ ᠤ ᠪᠢᠴᠢᠬᠠᠨ ᠤᠯᠠᠭᠠᠨ ᠬᠤᠸᠠᠷᠴᠢ᠂ | ᠴᠡᠴᠡᠷᠯᠢᠭ ᠤᠨ ᠱᠠᠲᠤᠨ ᠤ ᠰᠢᠯᠢᠳᠡᠭ ᠭᠡᠷ ᠤᠨ ᠠᠬᠠᠮᠠᠳ᠂ ᠴᠡᠴᠡᠷᠯᠢᠭ ᠤᠨ ᠱᠠᠳᠤᠨ ᠤ ᠵᠢᠱᠢᠶᠡᠴᠢ ᠪᠠᠭᠰᠢ ᠵᠡᠷᠭᠡ | ᠠᠷᠪᠠᠨ ᠲᠦᠷᠦᠯ ᠤᠨ ᠱᠠᠩᠨᠠᠯ ᠬᠦᠬᠢᠭᠦᠯᠦᠯ ᠢ ᠶᠠᠪᠤᠭᠳᠠᠭᠤᠯᠤᠭᠰᠠᠨ ᠪᠠᠶᠢᠨ᠎ᠠ᠃ | |