ᠬᠤᠰᠢᠭᠤ ᠰᠤᠮᠤ ᠪᠠᠯᠭᠠᠰᠤ ᠶᠢᠨ ᠶᠡᠷᠥᠩᠬᠡᠶᠢᠯᠡᠭᠰᠡᠨ ᠬᠠᠤᠯᠢ ᠬᠡᠷᠡᠭᠵᠢᠭᠦᠯᠥᠯᠳᠡ ᠶᠢᠨ ᠠᠯᠪᠠᠨ ᠲᠡᠷᠭᠡ ᠪᠣᠯᠣᠨ ᠬᠤᠪᠴᠠᠰᠤ ᠶᠢ ᠨᠢᠭᠡᠳᠦᠯᠳᠡᠢ ᠲᠠᠷᠬᠠᠭᠠᠬᠤ ᠶᠤᠰᠤᠯᠠᠯ ᠢ ᠰᠤᠪᠤᠷᠭ᠎ᠠ ᠠᠭᠤᠳᠠᠮ ᠲᠠᠯᠠᠪᠠᠢ ᠳᠤ ᠶᠠᠪᠤᠭᠳᠠᠭᠤᠯᠪᠠ
ᠨᠡᠶᠢᠲᠡᠯᠡᠭᠰᠡᠨ ᠴᠠᠭ᠄
2018-06-04
     5 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠳᠡᠳ᠋ ᠲᠠᠷᠤᠭ᠎ᠠ ᠵᠠᠩ ᡁᠢ ᠰᠢᠥ᠋ᠩ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠦ ᠹᠧᠩ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠯᠸᠢ ᠬᠠᠰ ᠶᠤᠰᠤᠯᠠᠯ ᠳᠤ ᠤᠷᠤᠯᠴᠠᠨ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠬᠤᠰᠢᠭᠤ ᠬᠤᠲᠠ ᠶᠢᠨ ᠬᠠᠮᠢᠶᠠᠷᠤᠯᠳᠠ ᠶᠢᠨ ᠶᠡᠷᠥᠩᠬᠡᠶᠢᠯᠡᠭᠰᠡᠨ ᠬᠠᠤᠯᠢ ᠬᠡᠷᠡᠭᠵᠢᠭᠦᠯᠬᠦ ᠡᠯ᠎ᠡ ᠶᠡᠭᠡ ᠠᠩᠬᠢ᠂ ᠡᠯ᠎ᠡ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠳᠠᠨ᠂ ᠡᠯ᠎ᠡ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶᠠᠨ ᠤ ᠪᠦᠬᠦ ᠺᠠᠳ᠋ᠷ ᠠᠵᠢᠯᠳᠠᠨ ᠶᠤᠰᠤᠯᠠᠯ ᠳᠤ ᠣᠷᠣᠯᠴᠠᠪᠠ᠃
     ᠶᠤᠰᠤᠯᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠬᠤᠰᠢᠭᠤ ᠳᠡᠳ᠋ ᠳᠠᠷᠤᠭ᠎ᠠ ᠵᠠᠩ ᡁᠢ ᠰᠢᠥ᠋ᠩ ᠣᠷᠴᠢᠮ ᠤᠨ ᠵᠢᠯ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠶᠡᠷᠥᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠳᠡ ᠣᠯᠣᠭᠰᠠᠨ ᠠᠮᠵᠢᠯᠳᠠ ᠶᠢ ᠭᠦᠢᠴᠡᠳ ᠨᠤᠳᠠᠯᠠᠪᠠ᠃ ᠲᠡᠷᠡ ᠵᠢᠭᠠᠵᠤ ᠭᠠᠷᠭᠠᠬᠤ ᠳᠠᠭᠠᠨ᠂ ᠦᠷᠭᠡᠨ ᠤᠯᠠᠨ ᠦᠨᠳᠦᠰᠦᠨ ᠱᠠᠳᠤᠨ ᠤ ᠬᠠᠤᠯᠢ ᠬᠡᠷᠡᠭᠵᠢᠬᠦᠯᠬᠦ ᠺᠠᠳ᠋ᠷ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠤᠬᠢᠶᠠᠯ ᠢᠶᠠᠨ ᠪᠤᠯᠭᠠᠵᠤ᠂ ᠰᠢᠨ᠎ᠡ ᠲᠦᠷᠢ ᠲᠦᠷᠬᠦ᠂ ᠰᠢᠨ᠎ᠡ ᠬᠡᠪ ᠰᠤᠷᠳᠠᠯ ᠢ ᠪᠤᠢ ᠪᠤᠯᠭᠠᠨ᠂ ᠰᠢᠨ᠎ᠡ ᠠᠶᠠᠨ ᠢ ᠡᠬᠢᠯᠡᠬᠦᠯᠵᠦ᠂ ᠨᠡᠩ ᠣᠷᠭᠢᠯᠣᠮ᠎ᠠ ᠬᠠᠯᠠᠭᠤᠨ ᠰᠡᠳᠬᠢᠯᠭᠡ ᠪᠠᠷ ᠠᠵᠢᠯᠯᠠᠨ᠂ ᠲᠦᠷᠢᠮᠵᠢᠭᠰᠡᠨ ᠬᠠᠤᠯᠢ ᠬᠡᠷᠡᠭᠵᠢᠬᠦᠯᠬᠦ ᠦᠢᠯᠡ ᠠᠵᠢᠯᠯᠠᠭ᠎ᠠ ᠪᠠᠷ ᠡᠬᠦᠷᠭᠡ ᠲᠤᠰᠢᠶᠠᠯ ᠢᠶᠠᠨ ᠪᠠᠲᠤ ᠴᠡᠭᠡᠵᠢᠯᠡᠵᠦ᠂ ᠮᠠᠨ  ᠤ ᠬᠤᠰᠢᠭᠤᠨ ᠤ ᠪᠦᠬᠦ ᠤᠯᠤᠰ ᠤᠨ ᠪᠤᠯᠪᠠᠰᠤᠨ ᠰᠢᠶᠠᠨ ᠤ ᠬᠤᠲᠠ ᠶᠢ ᠡᠬᠦᠳᠦᠨ ᠪᠠᠶᠢᠭᠤᠯᠬᠤ ᠠᠵᠢᠯᠯᠠᠭ᠎ᠠ ᠳᠤ ᠬᠤᠪᠢ ᠨᠡᠮᠡᠷᠢ ᠪᠠᠨ ᠥᠵᠡᠭᠦᠯᠬᠦ ᠶᠢ ᠬᠦᠰᠡᠵᠦ ᠪᠠᠶᠢᠨ᠎ᠠ ᠬᠡᠵᠡᠢ᠃
     ᠲᠤᠰ ᠤᠳᠠᠭᠠᠨ ᠤ ᠰᠤᠮᠤ ᠪᠠᠯᠭᠠᠰᠤᠨ ᠤ ᠬᠠᠤᠯᠢ ᠬᠡᠷᠡᠭᠵᠢᠭᠦᠯᠥᠯᠳᠡ ᠶᠢᠨ ᠠᠯᠪᠠᠨ ᠲᠡᠷᠭᠡ ᠪᠣᠯᠣᠨ ᠬᠤᠪᠴᠠᠰᠤ ᠬᠤᠪᠢᠶᠠᠭᠰᠠᠨ ᠨᠢ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠶᠡᠷᠥᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠳᠡ ᠰᠢᠨ᠎ᠡ ᠨᠢᠭᠡᠨ ᠲᠡᠭᠳᠡᠷ ᠲᠤ ᠠᠯᠬᠤᠨ ᠣᠷᠣᠬᠤ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号