ᠦᠦᠰᠢᠨ ᠬᠤᠰᠢᠭᠤᠨ ᠤ ᠪᠡᠶ᠎ᠡ ᠳᠠᠮᠢᠷ ᠤᠨ ᠠᠵᠢᠯ ᠦᠢᠯᠡᠰ ᠤᠨ ᠬᠦᠭᠵᠢᠯᠳᠡ ᠶᠢᠨ ᠪᠠᠶᠢᠳᠠᠯ
ᠨᠡᠶᠢᠲᠡᠯᠡᠭᠰᠡᠨ ᠴᠠᠭ᠄
2018-06-04
      ᠤᠶᠢᠷ᠎ᠠ ᠶᠢᠨ ᠵᠢᠯ ᠳᠤ᠂ ᠮᠠᠨ ᠤ ᠬᠤᠰᠢᠭᠤᠨ ᠤ ᠪᠡᠶ᠎ᠡ ᠳᠠᠮᠢᠷ ᠤᠨ ᠠᠵᠢᠯ ᠦᠢᠯᠡᠰ ᠨᠢ ᠥᠪᠡᠷᠳᠡᠭᠡᠨ ᠵᠠᠰᠠᠬᠤ ᠤᠷᠤᠨ᠂ ᠬᠤᠳᠠ ᠶᠢᠨ ᠪᠡᠶ᠎ᠡ ᠳᠠᠮᠢᠷ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢᠨ ᠲᠤᠭᠤᠷᠢᠨ ᠳᠤ ︽ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠦᠯᠪᠤᠷᠢ︾ ᠶᠢ ᠬᠢᠨᠠᠮᠠᠭᠠᠢ ᠨᠠᠶᠢᠳᠠᠪᠤᠷᠢᠵᠢᠭᠤᠯᠤᠨ ᠳᠣᠣᠱᠯᠠᠭᠤᠯᠵᠤ᠂ ᠳᠣᠰᠬᠠᠢ ᠲᠥᠷᠥᠯ ᠤᠨ ᠪᠡᠯᠡ ᠤᠷᠤᠭᠤᠯᠬᠤ ᠬᠦᠴᠦᠯᠡᠴᠡ ᠪᠠᠨ ᠦᠷᠬᠦᠯᠵᠢᠯᠡᠨ ᠨᠡᠮᠡᠭᠳᠡᠬᠦᠯᠵᠦ᠂ ᠪᠡᠶ᠎ᠡ ᠳᠠᠮᠢᠷ ᠤᠨ ᠠᠵᠢᠯ ᠦᠢᠯᠡᠰ ᠤᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠴᠢᠩᠭᠠᠳᠬᠠᠵᠤ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠷᠭᠡᠳᠬᠡᠨ᠂ ᠤᠯᠠᠨ ᠲᠥᠮᠡᠨ ᠤ ᠪᠡᠶ᠎ᠡ ᠳᠠᠮᠢᠷ᠂ ᠤᠷᠤᠯᠳᠣᠭᠠᠨ ᠤ ᠪᠡᠶ᠎ᠡ ᠳᠠᠮᠢᠷ᠂ ᠦᠨᠳᠦᠰᠦᠳᠡᠨ ᠤ ᠤᠯᠠᠮᠵᠢᠯᠠᠯᠳᠣ ᠪᠡᠶ᠎ᠡ ᠳᠠᠮᠢᠷ ᠢᠶᠠᠷ ᠭᠤᠤᠯ ᠱᠣᠭᠤᠮ ᠢᠶᠠᠨ ᠪᠤᠯᠭᠠᠭᠰᠠᠨ ᠬᠦᠭᠵᠢᠯᠳᠡ ᠶᠢᠨ ᠲᠤᠭᠤᠷᠢᠨ ᠳᠤ ᠡᠬᠦᠷᠢᠳᠡ ᠬᠤᠶᠢᠷᠭᠤᠰᠢᠬᠤ ᠦᠬᠡᠢ ᠵᠤᠷᠢᠭ ᠰᠠᠨᠠᠭᠠᠨ ᠤ ᠪᠠᠶᠢᠳᠠᠯ ᠪᠠ ᠪᠤᠴᠠᠯᠳᠠ ᠦᠬᠡᠢ ᠤᠷᠤᠭᠰᠢᠯᠠᠨ ᠳᠡᠮᠡᠴᠡᠬᠦ ᠪᠠᠶᠢᠳᠠᠯ ᠢᠶᠠᠷ ᠦᠭᠡᠷᠡᠴᠢᠯᠡᠯᠳᠡ ᠬᠢᠵᠦ ᠰᠢᠨ᠎ᠡ  ᠶᠢ ᠡᠬᠦᠳᠦᠨ᠂ ᠴᠢᠩᠭ᠎ᠠ ᠠᠳᠬᠤᠵᠤ ᠰᠢᠷᠭᠠᠭᠤ ᠠᠵᠢᠯᠯᠠᠵᠤ᠂ ᠦᠦᠰᠢᠨ ᠬᠤᠰᠢᠭᠤᠨ ᠤ ᠪᠡᠶ᠎ᠡ ᠳᠠᠮᠢᠷ ᠤᠨ ᠠᠵᠢᠯ ᠦᠢᠯᠡᠰ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠳᠠᠰᠣᠷᠠᠯᠳᠠ ᠦᠬᠡᠢ ᠨᠡᠭᠡᠭᠡᠭᠰᠡᠨ ᠪᠠᠶᠢᠨ᠎ᠠ᠃      ︽ᠠᠷᠪᠠᠨ ᠬᠤᠶᠠᠳᠣᠭᠠᠷ ᠳᠠᠪᠤᠨ ᠵᠢᠯ︾ ᠠᠴᠠ ᠨᠠᠰᠢ᠂ ᠪᠦᠬᠦ ᠬᠤᠰᠢᠭᠤᠨ ᠤ ᠬᠡᠪᠴᠢᠶᠡᠨ ᠳᠤ ᠡᠯ᠎ᠡ ᠲᠥᠷᠥᠯ ᠤᠨ ᠥᠷᠯᠦᠭᠡ ︵ᠤᠷᠤᠢ︶ ᠶᠢᠨ ᠪᠤᠯᠪᠠᠰᠣᠷᠠᠯ ᠤᠨ ᠭᠠᠵᠠᠷ᠂  ᠬᠠᠪᠰᠤᠷᠤᠨ ᠵᠢᠯᠤᠭᠤᠳᠬᠤ ᠦᠷᠳᠡᠭᠡ 12 ᠂ ᠪᠡᠶ᠎ᠡ ᠳᠠᠮᠢᠷ ᠤᠨ ᠳᠠᠯᠠᠪᠤᠷ 257︵ ᠪᠡᠶ᠎ᠡ ᠳᠠᠮᠢᠷ ᠤᠨ ᠳᠠᠯᠠᠪᠤᠷ 7᠂ ᠪᠡᠶ᠎ᠡ ᠳᠠᠮᠢᠷ ᠤᠨ ᠤᠷᠳᠣᠨ 2᠂ ᠤᠮᠪᠠᠯᠳᠠ  ᠶᠢᠨ ᠤᠷᠳᠣᠨ 3᠂ ᠬᠦᠨᠳᠦ ᠬᠥᠩᠭᠡᠨ ᠪᠡᠶ᠎ᠡ ᠳᠠᠮᠢᠷ ᠤᠨ ᠳᠠᠯᠠᠪᠤᠷ 7᠂ ᠰᠠᠭᠰᠤᠨ ᠪᠦᠮᠪᠦᠬᠡᠨ ᠳᠠᠯᠠᠪᠤᠷ 41᠂ ᠠᠯᠠᠭᠠᠳᠠᠬᠤ ᠪᠦᠮᠪᠦᠬᠡᠨ ᠳᠠᠯᠠᠪᠤᠷ 17᠂ ᠫᠢᠩᠫᠠᠩ ᠪᠦᠮᠪᠦᠬᠡᠨ ᠳᠠᠯᠠᠪᠤᠷ 13  ᠂ ᠶᠡᠷᠥᠩᠭᠡᠶᠢᠯᠡᠭᠰᠡᠨ ᠪᠤᠯᠪᠠᠰᠣᠷᠠᠯ  ᠤᠨ ᠳᠠᠯᠠᠪᠤᠷ 54᠂ ᠪᠡᠶ᠎ᠡ ᠳᠠᠮᠢᠷ ᠤᠨ ᠪᠠᠭ᠎ᠠ ᠳᠠᠯᠠᠪᠤᠷ 5᠂ ᠪᠡᠶ᠎ᠡ ᠴᠢᠬᠢᠷᠠᠭᠵᠢᠭᠤᠯᠬᠤ ᠵᠠᠮ ᠱᠣᠭᠤᠮ 66᠂ ᠪᠤᠰᠣᠳ ᠳᠠᠯᠠᠪᠤᠷ ᠤᠷᠳᠣᠨ 42︶ ᠳᠣᠬᠢᠷᠠᠭᠤᠯᠬᠤ ᠶᠢᠨ ᠬᠠᠮᠳᠣ 2 ᠳ᠋ᠥᠩᠰᠢᠭᠤᠷ ᠲᠥᠬᠦᠷᠢᠭ ᠪᠡᠯᠡ ᠤᠷᠤᠭᠤᠯᠵᠤ᠂ ᠬᠤᠰᠢᠭᠤ ᠵᠠᠰᠠᠭ ᠤᠨ ᠤᠷᠳᠣᠨ ᠤ ᠪᠠᠶᠢᠭ᠎ᠠ ᠭᠠᠵᠠᠷ ᠭᠠᠯᠠᠭᠤᠳᠣ ᠪᠠᠯᠭᠠᠰᠤᠨ ᠳᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠤ ᠲᠦᠪ᠂ ᠥᠳᠥᠨ ᠪᠥᠮᠪᠦᠭᠡ ᠫᠢᠩᠫᠠᠩ ᠪᠥᠮᠪᠥᠭᠡᠨ ᠤᠷᠳᠤᠨ᠂ ᠣᠮᠪᠠᠯᠲᠠ ᠶᠢᠨ ᠤᠷᠳᠤᠨ᠂ ᠰᠤᠶᠤᠯ ᠲᠠᠮᠢᠷ ᠤᠨ ᠣᠷᠳᠣᠨ ᠵᠡᠷᠭᠡ ᠶᠡᠷᠥᠩᠭᠡᠶᠢᠯᠡᠭᠰᠡᠨ ᠦᠢᠯᠡᠴᠢᠯᠡᠭᠡᠨ ᠤ ᠴᠢᠨᠠᠷ ᠲᠠᠢ ᠳᠠᠯᠠᠪᠤᠷ ᠲᠥᠷᠪᠡ ᠪᠠᠶᠢᠭᠤᠯᠵᠤ᠂ ᠵᠠᠯᠠᠭᠤ ᠪᠠᠭᠠᠴᠤᠳ ᠤᠨ ᠪᠤᠯᠪᠠᠰᠣᠷᠠᠯ ᠤᠨ 3 ᠰᠠᠭᠤᠷᠢᠨ ᠭᠠᠵᠠᠷ ᠲᠠᠢ ᠪᠠᠶᠢᠵᠤ᠂ ᠰᠤᠮᠤ ᠪᠠᠯᠭᠠᠰᠤᠨ ᠳᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠵᠢᠱᠢᠶᠡᠴᠢ ᠴᠡᠭ 6 ᠳᠣᠬᠢᠷᠠᠭᠤᠯᠵᠤ᠂  ᠨᠡᠶᠢᠬᠡᠮ ᠲᠤᠭᠤᠷᠢᠭ᠂ ᠭᠠᠴᠠᠭ᠎ᠠ ᠳᠣᠰᠬᠤᠨ ᠳᠤ ᠨᠢᠬᠡ ᠪᠦᠯᠥᠭ ᠪᠡᠶ᠎ᠡ ᠪᠤᠯᠪᠠᠰᠣᠷᠠᠬᠤ ᠲᠦᠬᠦᠭᠡᠷᠥᠮᠵᠢ ᠳᠠᠯᠪᠢᠨ᠂ ︽ᠵᠢᠷᠭᠤᠭ᠎ᠠ ᠶᠢ ᠬᠠᠵᠠᠭᠤ ᠳᠤ ᠪᠠᠶᠢᠯᠭᠠᠬᠤ︾ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠤᠯᠠᠨ ᠲᠥᠮᠡᠨ ᠤ ᠪᠡᠶ᠎ᠡ ᠴᠢᠬᠢᠷᠠᠭᠵᠢᠭᠤᠯᠬᠤ ᠭᠡᠷᠡᠭᠴᠡᠭᠡ ᠳᠤ ᠳᠦᠬᠦᠮ ᠦᠵᠡᠬᠦᠯᠦᠨ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠤ ᠥᠷᠨᠢᠬᠦᠯᠦᠯᠳᠡ ᠶᠢ ᠠᠬᠢᠭᠤᠯᠵᠤ᠂ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠳᠤ ᠣᠷᠣᠯᠴᠠᠭᠰᠠᠨ ᠬᠦᠮᠦᠨ ᠤ ᠳᠤᠭ᠎ᠠ 1 ᠲᠥᠮᠡ ᠢᠯᠡᠬᠦᠦ ᠬᠦᠮᠦᠨ ᠳᠤ ᠬᠦᠷᠴᠦ᠂ ᠪᠡᠶ᠎ᠡ ᠳᠠᠮᠢᠷ ᠤᠨ ᠬᠦᠳᠡᠯᠭᠡᠭᠡᠨ ᠳᠤ ᠤᠷᠤᠯᠴᠠᠭᠰᠠᠨ ᠬᠦᠮᠦᠨ ᠠᠮᠠ 4 ᠲᠥᠮᠡ ᠢᠯᠡᠬᠦᠦ ᠬᠦᠮᠦᠨ ᠨᠡᠮᠡᠭᠳᠡᠵᠦ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃      ︽ᠵᠠᠰᠠᠭ ᠤᠨ ᠣᠷᠳᠤᠨ ᠤ ᠵᠢᠯᠤᠭᠤᠳᠤᠯᠭ᠎ᠠ᠂ ᠨᠡᠶᠢᠬᠡᠮᠯᠢᠭ ᠤᠨ ᠵᠤᠬᠢᠶᠠᠨ ᠪᠠᠶᠢᠭᠤᠯᠤᠯᠳᠠ᠂ ᠠᠷᠠᠳ ᠤᠨ ᠤᠷᠤᠯᠴᠠᠯᠭ᠎ᠠ︾ ᠶᠢᠨ ᠠᠷᠭ᠎ᠠ ᠮᠠᠶ᠋ᠢᠭ ᠢᠶᠠᠷ ᠳᠠᠮᠵᠢᠨ᠂ ᠮᠠᠯᠴᠢᠨ ᠲᠠᠷᠢᠶᠠᠴᠢᠨ ᠤ ᠳᠠᠮᠢᠷ ᠤᠨ ᠤᠷᠤᠯᠳᠣᠭᠠᠨ᠂ ᠨᠠᠭᠠᠳᠤᠮ ᠤᠨ ᠬᠤᠷᠠᠯ᠂ ᠤᠪᠤᠭ᠎ᠠ ᠳᠠᠬᠢᠯᠭ᠎ᠠ ᠵᠡᠷᠭᠡ ᠠᠵᠢᠯᠯᠠᠭ᠎ᠠ ᠪᠠᠷ ᠠᠵᠠ ᠳᠣᠬᠢᠶᠠᠯ ᠪᠤᠯᠭᠠᠵᠤ᠂ ᠺᠠᠳ᠋ᠷ ᠠᠵᠢᠯᠳᠠᠳ ᠤᠨ ᠳᠠᠮᠢᠷ ᠤᠨ ᠤᠷᠤᠯᠳᠣᠭᠠᠨ ᠢᠶᠠᠷ ᠠᠷᠭ᠎ᠠ ᠪᠠᠷᠢᠯ ᠢᠶᠠᠨ ᠪᠤᠯᠭᠠᠨ᠂ ᠤᠯᠠᠨ ᠤᠳᠠᠭᠠᠨ ᠤ ᠪᠡᠶ᠎ᠡ ᠳᠠᠮᠢᠷ  ᠤᠨ ᠤᠷᠤᠯᠳᠣᠭᠠᠨ ᠢ ᠥᠷᠨᠢᠬᠦᠯᠵᠦ᠂ ᠤᠯᠠᠨ ᠲᠥᠮᠡᠨ ᠤ ᠪᠡᠶ᠎ᠡ ᠴᠢᠬᠢᠷᠠᠭᠵᠢᠭᠤᠯᠬᠤ ᠤᠬᠠᠮᠰᠠᠷ ᠢ ᠢᠯᠡᠳᠳᠡ ᠴᠢᠩᠭᠠᠳᠬᠠᠨ᠂ ᠤᠷᠤᠯᠴᠠᠬᠤ ᠬᠦᠷᠢᠶ᠎ᠡ ᠬᠡᠪᠴᠢᠶ᠎ᠡ ᠶᠢ ᠳᠠᠰᠣᠷᠠᠯᠳᠠ ᠦᠬᠡᠢ ᠥᠷᠭᠡᠳᠬᠡᠭᠰᠡᠨ ᠪᠠᠶᠢᠨ᠎ᠠ᠃ ᠪᠡᠶ᠎ᠡ ᠳᠠᠮᠢᠷ  ᠤᠨ ᠠᠵᠢᠯ ᠦᠢᠯᠡᠰ ᠤᠨ ᠦᠷ᠎ᠡ ᠪᠦᠳᠦᠮᠵᠢ ᠡᠯᠪᠡᠭ ᠳᠡᠯᠪᠡᠭ ᠪᠠᠶᠢᠵᠤ᠂ ᠮᠠᠨ ᠤ ᠬᠤᠰᠢᠭᠤᠨ ᠤ ᠤᠷᠤᠯᠳᠣᠭᠠᠨ ᠳᠤ ᠤᠷᠤᠯᠴᠠᠭᠴᠢ 2015 ᠤᠨ ᠤ ᠳᠡᠯᠡᠭᠡᠢ ᠶᠢᠨ ᠤᠯᠠᠮᠵᠢᠯᠠᠯᠳᠣ ᠨᠤᠮᠤ ᠬᠠᠷᠪᠤᠯᠳᠠ ᠶᠢᠨ ᠤᠷᠢᠯᠭ᠎ᠠ ᠶᠢᠨ ᠤᠷᠤᠯᠳᠣᠭᠠᠨ  ᠤ ᠺᠣᠷᠢᠶᠠ ᠳᠠᠬᠢ ᠮᠥᠷᠥᠶᠢᠴᠡᠭᠡᠨ ᠳᠤ 1 ᠮᠥᠩᠬᠦᠨ ᠮᠧᠳᠠᠯ᠂ 1 ᠬᠦᠷᠡᠯ ᠮᠧᠳᠠᠯ ᠬᠦᠷᠳᠡᠭᠰᠡᠨ ᠪᠠᠶᠢᠨ᠎ᠠ︔ ᠪᠦᠬᠡ  ᠶᠢᠨ ᠳᠣᠭᠤᠶᠢᠯᠠᠩ ᠨᠢ ᠥᠪᠡᠷᠳᠡᠭᠡᠨ ᠵᠠᠰᠠᠬᠤ ᠤᠷᠤᠨ ᠤ ᠳᠣᠭᠯᠠᠯᠳᠠ ᠶᠢᠨ ᠤᠷᠤᠯᠳᠣᠭᠠᠨ ᠳᠤ ᠬᠠᠮᠳᠣ ᠨᠢᠬᠡᠴᠢ ᠶᠢᠨ ᠬᠤᠶᠠᠳᠣᠭᠠᠷ ᠳᠡᠰ ᠤᠨ ᠱᠠᠩᠨᠠᠯ ᠤᠯᠵᠤ᠂ ᠥᠪᠡᠷᠳᠡᠭᠡᠨ ᠵᠠᠰᠠᠬᠤ ᠤᠷᠤᠨ ᠤ ᠪᠠᠷᠠᠭᠤᠨ ᠤᠷᠤᠨ ᠤ ᠤᠶᠢᠷ᠎ᠠ ᠬᠠᠪᠢ  ᠶᠢᠨ ᠠᠶᠢᠮᠠᠭ ᠬᠤᠳᠠ ᠶᠢᠨ ᠪᠦᠬᠡ ᠶᠢᠨ ᠤᠷᠤᠯᠳᠣᠭᠠᠨ ᠳᠤ ᠬᠠᠮᠳᠣ ᠨᠢᠬᠡᠴᠢ ᠶᠢᠨ ᠳᠡᠷᠢᠬᠦᠨ ᠱᠠᠩᠨᠠᠯ ᠢ ᠵᠠᠯᠭᠠᠭ᠎ᠠ ᠪᠠᠷ ᠨᠠᠢᠮᠠ ᠤᠳᠠᠭ᠎ᠠ ᠤᠯᠤᠭᠰᠠᠨ ᠪᠠᠶᠢᠨ᠎ᠠ᠃      ᠬᠤᠶᠢᠰᠢᠳᠠ ᠶᠢᠨ ᠠᠵᠢᠯ ᠳᠤ᠂ ᠮᠠᠨ ᠤ ᠬᠤᠰᠢᠭᠤᠨ ᠤ ᠪᠡᠶ᠎ᠡ ᠳᠠᠮᠢᠷ ᠤᠨ ᠠᠵᠢᠯ ᠦᠢᠯᠡᠰ ᠤᠨ ᠬᠦᠭᠵᠢᠯᠳᠡ  ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮᠳᠣ ᠪᠡᠶ᠎ᠡ ᠳᠠᠮᠢᠷ ᠤᠨ ᠦᠵᠡᠯ ᠰᠠᠨᠠᠭᠠᠨ ᠤ ᠠᠭᠤᠯᠤᠭᠳᠠᠬᠤᠨ ᠤ ᠳᠣᠭᠤᠷᠢᠨ ᠳᠤ ᠦᠵᠡᠯ ᠰᠠᠨᠠᠭ᠎ᠠ ᠪᠠᠨ ᠨᠢᠬᠡᠳᠬᠡᠨ᠂ ᠬᠠᠮᠳᠣ  ᠶᠢᠨ ᠳᠠᠨᠢᠯᠳᠠ ᠪᠠᠨ ᠨᠢᠭᠳᠠᠷᠠᠭᠤᠯᠵᠤ᠂ ᠠᠷᠠᠳ ᠲᠥᠮᠡᠨ ᠢᠶᠠᠷ ᠭᠤᠤᠯ ᠪᠤᠯᠭᠠᠨ ᠪᠡᠶ᠎ᠡ ᠳᠠᠮᠢᠷ ᠤᠨ ᠠᠵᠢᠯ ᠦᠢᠯᠡᠰ ᠢ ᠬᠦᠭᠵᠢᠬᠦᠯᠬᠦ ᠶᠢ ᠢᠮᠠᠭᠳᠠ ᠪᠠᠷᠢᠮᠳᠠᠯᠠᠵᠤ᠂ ᠦᠦᠰᠢᠨ ᠬᠤᠰᠢᠭᠤᠨ ᠤ ᠪᠡᠶ᠎ᠡ ᠳᠠᠮᠢᠷ ᠤᠨ ᠠᠵᠢᠯ ᠦᠢᠯᠡᠰ ᠤᠨ ᠶᠡᠷᠥᠩᠭᠡᠢ ᠬᠦᠭᠵᠢᠯᠳᠡ ᠶᠢᠨ ᠰᠡᠳᠬᠢᠴᠡ ᠶᠢ ᠬᠢᠨᠠᠮᠠᠭᠠᠢ ᠳᠣᠣᠱᠯᠠᠭᠤᠯᠤᠨ᠎ᠠ᠃ ᠨᠢᠬᠡ ᠳᠤ ᠬᠦᠯ ᠪᠦᠮᠪᠦᠭᠡᠨ ᠤ ᠥᠭᠡᠷᠡᠴᠢᠯᠡᠯᠳᠡ ᠬᠦᠭᠵᠢᠯᠳᠡ ᠶᠢ ᠠᠬᠢᠭᠤᠯᠬᠤ ᠶᠢ ᠲᠦᠷᠭᠡᠳᠬᠡᠨ᠂ ᠬᠦᠯ ᠪᠦᠮᠪᠦᠬᠡᠨ ᠤ ᠨᠡᠶᠢᠬᠡᠮᠯᠢᠭ ᠤᠨ ᠳᠣᠳᠣᠭᠠᠳᠣ ᠬᠦᠴᠦᠨ ᠢ ᠪᠠᠳᠠᠷᠠᠭᠤᠯᠵᠤ᠂ ᠪᠡᠶ᠎ᠡ ᠳᠠᠮᠢᠷ ᠤᠨ ᠶᠡᠷᠥᠩᠭᠡᠢ ᠨᠡᠶᠢᠬᠡᠮᠯᠢᠭ ᠤᠨ ᠳᠣᠳᠣᠭᠠᠳᠣ ᠠᠵᠢᠯᠯᠠᠬᠤ ᠳᠣᠭᠳᠠᠯᠴᠠᠭ᠎ᠠ ᠶᠢᠨ ᠥᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠪᠡᠶ᠎ᠡ ᠳᠠᠮᠢᠷ ᠤᠨ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠳᠣᠰ ᠪᠡᠶ᠎ᠡ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ︔ ᠬᠤᠶᠠᠷ ᠲᠤ ᠤᠯᠠᠨ ᠨᠡᠶᠢᠳᠡ ᠶᠢᠨ ᠪᠡᠶ᠎ᠡ ᠳᠠᠮᠢᠷ ᠤᠨ ᠦᠨᠳᠦᠰᠦᠨ ᠦᠢᠯᠡᠴᠢᠯᠡᠭᠡᠨ ᠤ ᠳᠡᠩᠴᠡᠬᠦᠷᠢᠳᠠᠢ ᠪᠠᠶᠢᠬᠤ ᠶᠢ ᠢᠳᠡᠪᠬᠢᠳᠡᠢ ᠠᠬᠢᠭᠤᠯᠵᠤ᠂ ᠰᠣᠷᠭᠠᠭᠤᠯᠢ ᠶᠢᠨ ᠪᠡᠶ᠎ᠡ ᠳᠠᠮᠢᠷ᠂ ᠨᠠᠰᠣᠳᠠᠶᠢᠴᠣᠳ ᠤᠨ ᠪᠡᠶ᠎ᠡ ᠳᠠᠮᠢᠷ᠂ ᠠᠵᠢᠯᠳᠠᠨ ᠤ ᠪᠡᠶ᠎ᠡ ᠳᠠᠮᠢᠷ᠂ ᠭᠡᠷ ᠤᠨ ᠭᠠᠳᠠᠨᠠᠬᠢ ᠪᠡᠶ᠎ᠡ ᠴᠢᠬᠢᠷᠠᠭᠵᠢᠭᠤᠯᠤᠯᠳᠠ᠂ ᠮᠠᠯᠵᠢᠬᠤ ᠳᠠᠷᠢᠶᠠᠯᠠᠬᠤ ᠤᠷᠤᠨ ᠤ ᠪᠡᠶ᠎ᠡ ᠳᠠᠮᠢᠷ ᠪᠠ ᠵᠡᠮᠳᠡᠭᠴᠤᠳ  ᠤᠨ ᠪᠡᠶ᠎ᠡ ᠳᠠᠮᠢᠷ ᠤᠨ ᠬᠦᠭᠵᠢᠯᠳᠡ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠤᠯᠠᠨ ᠲᠥᠮᠡᠨ ᠤ ᠪᠡᠶ᠎ᠡ ᠳᠠᠮᠢᠷ  ᠤᠨ ᠰᠢᠨ᠎ᠡ ᠴᠤᠭᠴᠠ ᠶᠢ ᠪᠠᠶᠢᠭᠤᠯᠤᠨ᠎ᠠ︔ ᠭᠤᠷᠪᠠ ᠳᠤ ᠴᠦᠭᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠳᠠᠮᠢᠷ ᠢ ᠶᠡᠭᠡ ᠬᠦᠴᠦᠨ ᠢᠶᠠᠷ ᠤᠯᠠᠮᠵᠢᠯᠠᠨ ᠳᠡᠯᠭᠡᠷᠡᠬᠦᠯᠵᠦ᠂ ︽ᠡᠷ᠎ᠡ ᠶᠢᠨ ᠭᠤᠷᠪᠠᠨ ᠨᠠᠭᠠᠳᠣᠮ︾᠂ ᠨᠠᠭᠠᠳᠣᠮ ᠤᠨ ᠬᠤᠷᠠᠯ ᠵᠡᠷᠭᠡ ᠠᠵᠢᠯᠯᠠᠭ᠎ᠠ ᠶᠢ ᠢᠳᠡᠪᠬᠢᠳᠡᠢ ᠦᠷᠨᠢᠬᠦᠯᠦᠨ᠂ ᠪᠦᠬᠡ ᠪᠠᠷᠢᠯᠳᠣᠬᠤ᠂ ᠨᠤᠮᠤ ᠬᠠᠷᠪᠤᠬᠤ᠂ ᠮᠤᠷᠢ ᠤᠷᠤᠯᠳᠣᠬᠤ ᠵᠡᠷᠭᠡ ᠦᠨᠳᠦᠰᠦᠳᠡᠨ ᠤ ᠪᠡᠶ᠎ᠡ ᠳᠠᠮᠢᠷ ᠢ ᠶᠡᠭᠡ ᠬᠦᠴᠦᠨ ᠢᠶᠠᠷ ᠳᠡᠯᠭᠡᠷᠡᠬᠦᠯᠵᠦ᠂ ᠦᠨᠳᠦᠰᠦᠳᠡᠨ ᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠦᠨᠳᠦᠰᠦᠳᠡᠨ ᠤ ᠪᠦᠯᠬᠦᠮᠳᠡᠯ ᠢ ᠴᠢᠩᠭᠠᠳᠬᠠᠨ᠎ᠠ︔ ᠲᠦᠷᠪᠡ ᠳᠤ ᠪᠡᠶ᠎ᠡ ᠳᠠᠮᠢᠷ ᠤᠨ ᠬᠦᠭᠵᠢᠯᠳᠡ ᠶᠢᠨ ᠰᠠᠭᠤᠷᠢ ᠶᠢ ᠪᠠᠳᠣᠳᠬᠠᠬᠤ ᠪᠠᠷ ᠭᠤᠤᠯᠳᠠᠯᠭ᠎ᠠ ᠪᠠᠨ ᠪᠤᠯᠭᠠᠵᠤ᠂ ᠳᠠᠮᠢᠷ ᠤᠨ ᠳᠣᠭᠤᠶᠢᠯᠠᠩ ᠤᠨ ᠥᠭᠡᠷᠡᠴᠢᠯᠡᠯᠳᠡ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠬᠦᠯᠵᠦ᠂ ᠵᠠᠯᠠᠭᠤ ᠪᠠᠭᠠᠴᠤᠳ ᠤᠨ ᠪᠡᠯᠡᠳᠬᠡᠯ ᠴᠢᠳᠠᠪᠤᠷᠢᠳᠠᠨ ᠢ ᠬᠦᠮᠦᠵᠢᠬᠦᠯᠬᠦ ᠰᠢᠨ᠎ᠡ ᠪᠦᠳᠦᠴᠡ ᠶᠢ ᠪᠠᠶᠢᠭᠤᠯᠤᠨ᠂ ᠤᠷᠤᠯᠳᠣᠭᠠᠨ ᠤ ᠪᠡᠶ᠎ᠡ ᠳᠠᠮᠢᠷ ᠤᠨ ᠡᠷᠴᠢᠮᠵᠢᠬᠦᠯᠦᠯᠳᠡ ᠶᠢ ᠠᠬᠢᠭᠤᠯᠬᠤ ᠶᠢ ᠲᠦᠷᠭᠡᠳᠬᠡᠵᠦ᠂ 2018 ᠤᠨ ᠤ ᠴᠢᠬᠤᠯᠠ ᠶᠡᠭᠡ ᠤᠷᠤᠯᠳᠣᠭᠠᠨ ᠤ ᠠᠵᠢᠯᠯᠠᠭ᠎ᠠ ᠶᠢ ᠰᠠᠶᠢᠳᠣᠷ ᠵᠤᠬᠢᠶᠠᠨ ᠪᠠᠶᠢᠭᠤᠯᠵᠤ᠂ ᠥᠪᠡᠷᠳᠡᠭᠡᠨ ᠵᠠᠰᠠᠬᠤ ᠤᠷᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠪᠡᠶ᠎ᠡ ᠳᠠᠮᠢᠷ ᠤᠨ ᠴᠤᠭᠯᠠᠭᠠᠨ ᠳᠤ ᠤᠷᠤᠯᠴᠠᠬᠤ ᠪᠠᠷ ᠪᠦᠬᠦ ᠬᠦᠴᠦᠨ ᠢᠶᠠᠷ ᠴᠢᠷᠮᠠᠶᠢᠨ᠎ᠠ︔ ᠳᠠᠪᠤ  ᠳᠤ ᠳᠠᠮᠢᠷ ᠤᠨ ᠲᠥᠷᠥᠯ ᠵᠦᠢᠯ ᠤᠨ ᠠᠵᠤ ᠦᠢᠯᠡᠰ ᠤᠨ ᠬᠦᠭᠵᠢᠯᠳᠡ ᠶᠢ ᠠᠬᠢᠭᠤᠯᠬᠤ ᠪᠠᠷ ᠭᠤᠤᠯ ᠴᠦᠮ᠎ᠡ ᠪᠠᠨ ᠪᠤᠯᠭᠠᠵᠤ᠂ ᠪᠡᠶ᠎ᠡ ᠳᠠᠮᠢᠷ ᠤᠨ ᠠᠵᠤ ᠦᠢᠯᠡᠰ ᠤᠨ ᠬᠦᠭᠵᠢᠯᠳᠡ ᠶᠢ ᠲᠦᠷᠭᠡᠳᠬᠡᠨ᠂ ᠠᠭᠤᠰᠤᠯᠴᠠᠨ ᠬᠦᠭᠵᠢᠬᠦ ᠪᠠᠷ ᠰᠢᠪᠳᠦᠯᠦᠯᠳᠠ ᠶᠢᠨ ᠴᠡᠭ ᠢᠶᠠᠨ ᠪᠤᠯᠭᠠᠵᠤ᠂ ᠡᠯ᠎ᠡ ᠲᠦᠷᠥᠯ ᠤᠨ ᠪᠡᠶ᠎ᠡ ᠳᠠᠮᠢᠷ ᠤᠨ ᠡᠬᠢ ᠪᠠᠶᠠᠯᠢᠭ ᠢ ᠬᠤᠷᠠᠮᠳᠣᠭᠤᠯᠤᠨ᠂ ᠪᠡᠶ᠎ᠡ ᠳᠠᠮᠢᠷ ᠤᠨ ᠠᠵᠤ ᠦᠢᠯᠡᠰ ᠪᠠ ᠡᠷᠡᠬᠦᠯ ᠴᠢᠭᠢᠷᠠᠭ᠂ ᠰᠣᠷᠭᠠᠨ ᠬᠦᠮᠦᠵᠢᠯ᠂ ᠰᠤᠶᠤᠯ᠂ ᠵᠤᠭᠠᠴᠠᠯ᠂ ᠨᠠᠰᠣᠳᠠᠨ ᠤ ᠠᠰᠠᠷᠠᠮᠵᠢ ᠵᠡᠷᠭᠡ ᠠᠵᠢᠯ ᠲᠦᠷᠥᠯ ᠲᠠᠢ ᠠᠭᠤᠰᠤᠯᠴᠠᠨ ᠬᠦᠭᠵᠢᠬᠦ ᠶᠢ ᠶᠡᠭᠡ ᠬᠦᠴᠦᠨ ᠢᠶᠠᠷ ᠳᠡᠮᠵᠢᠵᠦ᠂ ᠪᠡᠶ᠎ᠡ ᠳᠠᠮᠢᠷ ᠤᠨ ᠦᠢᠯᠡᠴᠢᠯᠡᠭᠡᠨ ᠤ ᠴᠢᠳᠠᠪᠤᠷᠢ ᠶᠢ ᠬᠦᠴᠦᠳᠡᠢ ᠳᠡᠭᠡᠭᠰᠢᠯᠡᠬᠦᠯᠦᠨ᠎ᠡ᠃     ᠣᠳᠣᠬᠠᠨ ᠪᠣᠯᠣᠨ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠠᠷᠠᠳ ᠤᠯᠠᠨ ᠤ ᠰᠤᠷᠭᠠᠨ ᠬᠦᠮᠦᠵᠢᠯ ᠤᠨ ᠬᠦᠭᠵᠢᠯᠳᠡ ᠳᠠᠬᠢ ᠰᠠᠶᠢᠨ ᠰᠠᠶᠢᠬᠠᠨ ᠭᠡᠷᠡᠭᠴᠡᠭᠡ ᠳᠤ ᠬᠠᠨᠳᠣᠭᠤᠯᠵᠤ᠂ ᠪᠢᠳᠠ ᠡᠷᠭᠡᠪᠰᠢ ᠤᠭ ᠰᠠᠨᠠᠭ᠎ᠠ ᠪᠠᠨ ᠥᠯᠦ ᠮᠠᠷᠳᠠᠨ᠂ ᠦᠷᠬᠦᠯᠵᠢᠯᠡᠨ ᠴᠢᠷᠮᠠᠶᠢᠵᠤ᠂ ᠢᠮᠠᠭᠳᠠ ᠠᠷᠠᠳ ᠲᠦᠮᠡᠨ ᠤ ᠵᠤᠭᠰᠣᠴᠠ ᠶᠢ ᠦᠨᠳᠦᠰᠦᠨ ᠤᠯᠤᠰ ᠲᠦᠷᠦ  ᠶᠢᠨ ᠵᠤᠭᠰᠤᠴᠠ ᠪᠠᠨ ᠪᠤᠯᠭᠠᠨ᠂ ᠠᠷᠠᠳ ᠲᠥᠮᠡᠨ ᠤ ᠠᠰᠢᠭ ᠳᠣᠰᠠ ᠶᠢ ᠬᠠᠮᠤᠭ ᠦᠨᠳᠦᠷ ᠪᠠᠶᠢᠷᠢᠨ ᠳᠤ ᠳᠠᠯᠪᠢᠵᠤ᠂ ᠠᠷᠠᠳ ᠲᠥᠮᠡᠨ ᠳᠤ ᠪᠤᠶᠠᠨ ᠦᠢᠯᠡᠳᠬᠦ ᠠᠵᠢᠯ ᠦᠢᠯᠡᠰ ᠢ ᠳᠠᠰᠣᠷᠠᠯᠳᠠ ᠦᠬᠡᠢ ᠲᠦᠯᠬᠢᠨ ᠠᠬᠢᠭᠤᠯᠵᠤ᠂ ᠠᠷᠠᠳ ᠲᠦᠮᠡᠨ ᠳᠤ ᠨᠡᠩ ᠵᠤᠯ ᠵᠢᠷᠭᠠᠯ ᠲᠠᠢ ᠠᠮᠢᠳᠣᠷᠠᠯ ᠢ ᠪᠤᠢ ᠪᠤᠯᠭᠠᠬᠤ ᠪᠠᠷ ᠴᠢᠷᠮᠠᠶᠢᠬᠤ ᠭᠡᠷᠡᠭᠳᠡᠢ᠃
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号