ᠯᠢ ᠵᠠᠨ ᠱᠦ᠄ ᠡᠭᠡ ᠤᠯᠤᠰ ᠤᠨ ᠤᠮᠠᠷᠠᠳᠦ ᠬᠢᠯᠢ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ ᠴᠦᠭᠦᠷᠡᠰᠢ ᠦᠭᠡᠢ ᠴᠤᠬᠴᠠᠯᠠᠵᠤ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠦᠨ ᠠᠷᠠᠳ ᠢᠷᠭᠡᠳ ᠲᠤ ᠨᠡᠩ ᠤᠯᠠᠨ ᠴᠡᠩᠬᠡᠷ ᠤᠭᠳᠠᠷᠭᠤᠢ ᠴᠡᠪᠡᠷ ᠠᠭᠠᠷ ᠤᠯᠭᠤᠬᠤ ᠶᠢ ᠪᠠᠳᠤᠯᠠᠬᠤ ᠬᠡᠷᠡᠭᠳᠡᠢ
ᠨᠡᠶᠢᠲᠡᠯᠡᠭᠰᠡᠨ ᠴᠠᠭ᠄
2018-06-07
      ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠪᠠᠶᠢᠩᠭᠤ ᠶᠢᠨ ᠬᠡᠰᠢᠭᠦᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠲᠠᠷᠤᠭ᠎ᠠ ᠯᠢ ᠵᠠᠨ ᠱᠦ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠠᠭᠠᠷ ᠮᠠᠨᠳᠠᠯ ᠤᠨ ᠪᠤᠬᠢᠷᠳᠦᠯ ᠢ ᠰᠡᠷᠬᠡᠶᠢᠯᠡᠨ ᠵᠠᠰᠠᠬᠤ ᠬᠠᠤᠯᠢ ᠶᠢ ᠬᠡᠷᠡᠭᠵᠢᠭᠦᠯᠵᠤ ᠪᠠᠶᠢᠭ᠎ᠠ ᠪᠠᠶᠢᠳᠠᠯ ᠢ ᠪᠠᠶᠢᠴᠠᠭᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠲᠤᠬᠠᠢ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠬᠠᠷᠢᠭᠤᠴᠠᠯᠭ᠎ᠠ ᠶᠢ ᠪᠠᠳᠤᠳᠬᠠᠬᠤ ᠪᠠᠷ ᠭᠠᠷᠳᠠᠴᠠ ᠪᠤᠯᠭᠠᠨ᠂ ᠠᠭᠠᠷ ᠮᠠᠨᠳᠠᠯ ᠤᠨ ᠪᠤᠬᠢᠷᠳᠦᠯ ᠢ ᠰᠡᠷᠬᠡᠶᠢᠯᠡᠨ ᠵᠠᠰᠠᠬᠤ ᠬᠠᠤᠯᠢ ᠶᠢ ᠪᠦᠬᠦ ᠲᠠᠯ᠎ᠠ ᠪᠠᠷ ᠪᠦᠳᠦᠮᠵᠢᠳᠡᠢ ᠬᠡᠷᠡᠭᠵᠢᠭᠦᠯᠭᠦ ᠶᠢ ᠠᠬᠢᠭᠤᠯᠵᠤ᠂ ᠡᠭᠡ ᠤᠯᠤᠰ ᠤᠨ ᠤᠮᠠᠷᠠᠳᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠦᠭᠦᠷᠡᠰᠢ ᠦᠭᠡᠢ ᠰᠠᠶᠢᠳᠤᠷ ᠪᠦᠳᠦᠬᠡᠨ ᠪᠠᠶᠢᠭᠤᠯᠵᠤ᠂ ᠠᠷᠠᠳ ᠢᠷᠭᠡᠳ ᠲᠤ ᠨᠡᠩ ᠤᠯᠠᠨ ᠴᠡᠩᠬᠡᠷ ᠤᠭᠳᠠᠷᠭᠤᠢ ᠴᠡᠪᠡᠷ ᠠᠭᠠᠷ ᠤᠯᠭᠤᠬᠤ ᠶᠢ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠪᠠ᠃
   6 ᠰᠠᠷ᠎ᠠ ᠶᠢᠨ 2 ᠤᠨ ᠡᠳᠤᠷ ᠠᠴᠠ 5 ᠤ ᠡᠳᠤᠷ ᠪᠤᠯᠳᠠᠯ᠎ᠠ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠪᠠᠶᠢᠩᠭᠤ ᠶᠢᠨ ᠬᠡᠰᠢᠬᠦᠨ᠂ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠲᠠᠷᠤᠭ᠎ᠠ ᠯᠢ ᠵᠠᠨ ᠱᠦ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠬᠤ ᠬᠠᠤᠯᠢ ᠶᠢ ᠬᠡᠷᠡᠭᠵᠢᠬᠦᠯᠵᠤ ᠪᠠᠶᠢᠭ᠎ᠠ ᠪᠠᠶᠢᠳᠠᠯ ᠢ ᠪᠠᠶᠢᠴᠠᠭᠠᠪᠠ᠃ ᠵᠢᠷᠤᠭ ᠪᠤᠯ 6 ᠰᠠᠷ᠎ᠠ ᠶᠢᠨ 3 ᠤ ᠡᠳᠤᠷ᠂ ᠯᠢ ᠵᠠᠨ ᠱᠦ ᠪᠤᠭᠤᠳᠤ ᠶᠢᠨ ᠪᠤᠯᠤᠳ ᠲᠡᠮᠤᠷ ᠤᠨ ᠪᠦᠯᠦᠭᠯᠡᠯ ᠳᠤ ᠦᠢᠯᠡᠳᠪᠤᠷᠢᠯᠡᠯ ᠤᠨ ᠱᠤᠭᠤᠮ ᠤᠨ ᠮᠡᠷᠬᠡᠵᠢᠯ ᠢ ᠲᠡᠰ ᠲᠡᠪᠰᠢᠬᠦᠯᠦᠨ ᠰᠢᠨᠡᠴᠢᠯᠡᠵᠤ ᠪᠠᠶᠢᠬᠤ ᠪᠠᠶᠢᠳᠠᠯ ᠢ ᠣᠶᠢᠯᠠᠭᠠᠵᠤ ᠪᠠᠶᠢᠭ᠎ᠠ ᠨᠢ᠃                        ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠤᠤ ᠠᠢ ᠮᠢᠨ ᠰᠡᠬᠦᠳᠡᠷᠯᠡᠪᠡ      2 ᠤᠨ ᠡᠳᠦᠷ ᠠᠴᠠ 5 ᠤ ᠡᠳᠦᠷ ᠪᠤᠯᠳᠠᠯ᠎ᠠ᠂ ᠯᠢ ᠵᠠᠨ ᠱᠦ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠯᠳᠡ ᠶᠢ ᠪᠠᠶᠢᠴᠠᠭᠠᠬᠤ ᠳᠣᠭᠤᠶᠢᠯᠠᠩ ᠢ ᠲᠠᠭᠠᠭᠤᠯᠤᠨ ᠤᠷᠢᠳ ᠬᠤᠵᠢᠳ ᠬᠦᠬᠡᠬᠤᠳᠠ᠂ ᠪᠤᠭᠤᠳᠤ ᠪᠠ ᠤᠷᠳᠤᠰ ᠲᠤ ᠬᠦᠷᠴᠤ᠂ ᠠᠭᠠᠷ ᠮᠠᠨᠳᠠᠯ ᠤᠨ ᠪᠤᠬᠢᠷᠳᠦᠯ ᠢ ᠰᠡᠷᠬᠡᠶᠢᠯᠡᠨ ᠵᠠᠰᠠᠬᠤ ᠬᠠᠤᠯᠢ ᠶᠢ ᠬᠡᠷᠡᠭᠵᠢᠭᠦᠯᠵᠤ ᠪᠠᠶᠢᠭ᠎ᠠ ᠪᠠᠶᠢᠳᠠᠯ ᠢ ᠪᠤᠳᠠᠳᠠᠢ ᠭᠠᠵᠠᠷ ᠲᠤᠨᠢ ᠪᠠᠶᠢᠴᠠᠭᠠᠪᠠ᠃ ᠴᠠᠬᠢᠯᠭᠠᠨ ᠬᠦᠴᠦ᠂ ᠪᠤᠯᠤᠳ ᠲᠡᠮᠦᠷ᠂ ᠨᠡᠭᠦᠷᠡᠰᠦ᠂ ᠬᠢᠮᠢ ᠶᠢᠨ ᠠᠵᠤ ᠦᠢᠯᠡᠳᠪᠦᠷᠢ᠂ ᠰᠢᠨ᠎ᠠ ᠡᠨᠧᠷᠬᠢ ᠶᠢᠨ ᠮᠠᠰᠢᠨ ᠲᠠᠷᠭᠡ ᠵᠡᠷᠭᠡ ᠠᠵᠤ ᠠᠬᠤᠶᠢᠯᠠᠯ ᠳᠤ ᠯᠢ ᠵᠠᠨ ᠱᠦ ᠦᠢᠯᠡᠳᠪᠦᠷᠢ ᠠᠭᠤᠷᠬᠠᠢ ᠦᠢᠯᠡᠳᠪᠦᠷᠢᠯᠡᠯ ᠤᠨ ᠲᠠᠰᠤᠭ ᠢᠶᠠᠷ ᠬᠦᠨᠵᠡᠭᠡᠶᠢᠷᠡᠨ ᠠᠵᠤ ᠠᠬᠤᠶᠢᠯᠠᠯ ᠤᠨ ᠮᠡᠷᠭᠡᠵᠢᠯ ᠢ ᠲᠡᠰ ᠲᠡᠪᠰᠢᠭᠦᠯᠤᠨ ᠰᠢᠨᠡᠴᠢᠯᠡᠵᠤ ᠪᠠᠶᠢᠬᠤ ᠪᠠᠶᠢᠳᠠᠯ ᠪᠤᠯᠤᠨ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠵᠤ ᠪᠠᠶᠢᠬᠤ ᠪᠠᠶᠢᠳᠠᠯ ᠢ ᠨᠠᠷᠢᠯᠢᠭ ᠤᠶᠢᠯᠠᠭᠠᠪᠠ᠃ ᠲᠡᠷᠡ᠂ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠦᠨᠳᠦᠰᠦᠨ ᠠᠴᠠ ᠨᠢ ᠬᠡᠯᠡᠪᠡᠯ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠶᠢᠨ ᠠᠰᠠᠭᠤᠳᠠᠯ ᠪᠤᠯᠤᠨ᠎ᠠ᠃ ᠪᠤᠬᠢᠷᠳᠦᠯ ᠦᠭᠡᠢ ᠬᠦᠭᠵᠢᠯᠳᠡ ᠶᠢ ᠪᠠᠷᠢᠮᠳᠠᠯᠠᠨ᠂ ᠡᠬᠢ ᠡᠭᠦᠰᠦᠯ ᠠᠴᠠ ᠨᠢ ᠵᠠᠰᠠᠬᠤ ᠶᠢ ᠬᠡᠷᠡᠭᠵᠢᠭᠦᠯᠵᠤ᠂ ᠶᠡᠷᠦᠩᠬᠡᠶᠢᠯᠡᠨ ᠠᠷᠭ᠎ᠠ ᠪᠤᠳᠤᠯᠭ᠎ᠠ ᠬᠡᠷᠡᠭᠵᠢᠭᠦᠯᠭᠦ ᠬᠡᠷᠡᠭᠳᠡᠢ᠃ ᠨᠢᠭᠡ ᠲᠠᠯ᠎ᠠ ᠪᠠᠷ ᠤᠳᠤᠬᠢ ᠪᠤᠬᠢᠷᠳᠦᠯ ᠢ ᠵᠠᠰᠠᠬᠤ ᠳᠤ ᠬᠦᠴᠦ ᠤᠷᠤᠭᠤᠯᠵᠤ᠂ ᠪᠤᠬᠢᠷᠳᠤᠯ ᠤᠨ ᠭᠠᠳᠠᠬᠰᠢᠯᠠᠭᠤᠯᠤᠯᠳᠠ ᠨᠢ ᠪᠠᠷᠢᠮᠵᠢᠶ᠎ᠠ ᠳᠤ ᠬᠦᠷᠭᠦ ᠦᠭᠡᠢ ᠪᠠᠶᠢᠬᠤ ᠠᠵᠤ ᠠᠬᠤᠶᠢᠯᠠᠯ ᠪᠤᠯᠤᠨ ︽ᠲᠦᠯᠦᠪᠵᠢᠭᠦᠯᠭᠡ ᠳᠤ ᠦᠯᠦ ᠨᠡᠶᠢᠴᠡᠬᠦ ᠬᠠᠤᠯᠢ ᠲᠦᠷᠢᠮ ᠢ ᠵᠦᠷᠢᠴᠡᠭᠰᠡᠨ ᠪᠤᠬᠢᠷᠳᠦᠯ ᠲᠠᠢ︾ ᠠᠵᠤ ᠠᠬᠤᠶᠢᠯᠠᠯ ᠢ ᠶᠡᠭᠡᠪᠡᠷ ᠴᠡᠭᠴᠡᠯᠡᠨ ᠵᠠᠰᠠᠬᠤ ᠬᠡᠷᠡᠭᠳᠡᠢ᠃ ᠨᠦᠬᠦᠭᠡ ᠲᠠᠯ᠎ᠠ ᠪᠠᠷ ᠪᠤᠬᠢᠷᠳᠤᠯ ᠭᠠᠳᠠᠬᠰᠢᠯᠠᠭᠤᠯᠬᠤ ᠶᠡᠷᠦᠩᠬᠡᠢ ᠬᠡᠮᠵᠢᠶ᠎ᠠ ᠶᠢ ᠬᠢᠵᠠᠭᠠᠷᠯᠠᠬᠤ ᠳᠤ ᠬᠦᠴᠦ ᠤᠷᠤᠭᠤᠯᠵᠤ᠂ ᠲᠤᠮᠳᠠ ᠤᠷᠳᠤ ᠬᠤᠭᠤᠴᠠᠭᠠᠨ ᠤ ᠲᠦᠯᠦᠪᠵᠢᠭᠦᠯᠭᠡ ᠶᠢ ᠲᠤᠬᠳᠠᠭᠠᠨ᠂ ᠠᠵᠤ ᠦᠢᠯᠡᠰ᠂ ᠡᠨᠧᠷᠬᠢ ᠶᠢᠨ ᠪᠦᠳᠦᠴᠡ ᠶᠢ ᠶᠡᠭᠡᠪᠡᠷ ᠲᠤᠬᠢᠷᠠᠭᠤᠯᠵᠤ᠂ ᠨᠡᠭᠦᠷᠡᠰᠦ ᠶᠢ ᠠᠷᠢᠭᠤᠨ ᠴᠡᠪᠡᠷ ᠦᠨᠳᠦᠷ ᠪᠦᠳᠦᠮᠵᠢᠳᠡᠢ ᠪᠠᠷ ᠠᠰᠢᠬᠯᠠᠬᠤ ᠠᠵᠢᠯ ᠢ ᠰᠠᠶᠢᠳᠤᠷ ᠬᠢᠬᠦ ᠬᠡᠷᠡᠭᠳᠡᠢ ᠬᠡᠵᠤ ᠵᠢᠭᠠᠵᠤ ᠭᠠᠷᠭᠠᠵᠠᠢ᠃      ᠯᠢ ᠵᠠᠨ ᠱᠦ ᠤᠯᠠᠨ ᠲᠦᠮᠡᠨ ᠤ ᠡᠪᠦᠯ ᠤᠨ ᠤᠯᠠᠷᠢᠯ ᠤᠨ ᠠᠷᠢᠭᠤᠨ ᠴᠡᠪᠡᠷ ᠲᠤᠯᠠᠭᠠᠯᠠᠭ᠎ᠠ ᠶᠢᠨ ᠠᠰᠠᠭᠤᠳᠠᠯ ᠢ ᠲᠦᠢᠯ ᠢᠶᠠᠷ ᠬᠠᠯᠠᠮᠵᠢᠯᠠᠵᠤ ᠪᠠᠶᠢᠯ᠎ᠠ᠂ ᠲᠡᠷᠡ ᠳᠣᠰᠬᠠᠶᠢᠯᠠᠨ ᠨᠡᠶᠢᠭᠡᠮ ᠲᠤᠭᠤᠷᠢᠭ ᠲᠤ ᠬᠦᠷᠴᠤ ᠰᠢᠳᠠᠭᠠᠯᠭ᠎ᠠ ᠶᠢᠨ ᠨᠡᠭᠦᠷᠡᠰᠦ ᠶᠢ ᠦᠭᠡᠷᠡᠴᠢᠯᠡᠭᠦ ᠲᠦᠭᠦᠭᠡᠷᠦᠮᠵᠢ ᠶᠢ ᠪᠠᠶᠢᠴᠠᠭᠠᠨ ᠦᠵᠡᠵᠤ᠂ ᠰᠠᠭᠤᠭᠠᠯᠢ ᠠᠷᠠᠳ ᠤᠨ ᠬᠡᠷ ᠢᠶᠠᠷ ᠤᠷᠤᠵᠤ ᠲᠦᠪᠯᠡᠷᠡᠭᠦᠯᠦᠨ ᠲᠤᠯᠠᠭᠠᠯᠠᠭ᠎ᠠ ᠬᠠᠩᠭᠠᠵᠤ ᠪᠠᠶᠢᠬᠤ ᠪᠠᠶᠢᠳᠠᠯ ᠢ ᠯᠠᠪᠯᠠᠨ ᠠᠰᠠᠭᠤᠵᠤ᠂ ᠠᠵᠤ ᠠᠬᠤᠶᠢᠯᠠᠯ ᠳᠤ ᠬᠦᠷᠴᠤ ᠴᠡᠪᠡᠷ ᠡᠨᠧᠷᠬᠢ ᠶᠢᠨ ᠮᠡᠷᠭᠡᠵᠢᠯ ᠢ ᠰᠤᠳᠤᠯᠤᠨ ᠨᠡᠬᠡᠭᠡᠵᠤ ᠲᠡᠯᠭᠡᠷᠡᠭᠦᠯᠵᠤ ᠪᠠᠶᠢᠭ᠎ᠠ ᠪᠠᠶᠢᠳᠠᠯ ᠢ ᠤᠶᠢᠯᠠᠭᠠᠵᠠᠢ᠃ ᠲᠡᠷᠡ᠂ ᠪᠤᠬᠢᠷᠳᠦᠯ ᠢ ᠵᠠᠰᠠᠬᠤ ᠠᠷᠭ᠎ᠠ ᠬᠡᠮᠵᠢᠶ᠎ᠡ ᠠᠪᠬᠤ ᠪᠠ ᠦᠷ᠎ᠠ ᠪᠦᠳᠦᠮᠵᠢ ᠤᠯᠬᠤ ᠲᠠᠯ᠎ᠠ ᠪᠠᠷ ᠤᠯᠠᠨ ᠲᠦᠮᠡᠨ ᠤ ᠰᠠᠨᠠᠯ ᠢ ᠰᠤᠨᠤᠰᠴᠤ᠂ ᠤᠯᠠᠨ ᠲᠦᠮᠡᠨ ᠬᠠᠨᠤᠮᠵᠢ ᠲᠠᠢ ᠪᠠᠶᠢᠬᠤ ᠡᠰᠡᠭᠦ ᠶᠢ ᠦᠵᠡᠭᠦ ᠬᠡᠷᠡᠭᠳᠡᠢ᠃ ᠭᠠᠵᠠᠷ ᠤᠷᠤᠨ ᠤ ᠪᠠᠨ ᠪᠠᠶᠢᠳᠠᠯ ᠳᠤ ᠲᠤᠬᠢᠷᠠᠭᠤᠯᠤᠨ ᠤᠯᠠᠨ ᠠᠷᠭ᠎ᠠ ᠶᠢ ᠵᠡᠷᠬᠡᠪᠡᠷ ᠬᠡᠷᠡᠭᠯᠡᠵᠤ ᠤᠯᠠᠨ ᠲᠦᠮᠡᠨ ᠤ ᠠᠷᠢᠭᠤᠨ ᠴᠡᠪᠡᠷ ᠢᠶᠠᠷ ᠲᠤᠯᠠᠭᠠᠯᠠᠭ᠎ᠠ ᠠᠪᠬᠤ ᠠᠰᠠᠭᠤᠳᠠᠯ ᠢ ᠰᠢᠢᠳᠪᠦᠷᠢᠯᠡᠵᠤ᠂ ᠲᠦᠪᠯᠡᠷᠡᠭᠦᠯᠦᠨ ᠲᠤᠯᠠᠭᠠᠯᠠᠭ᠎ᠠ ᠬᠠᠩᠭᠠᠬᠤ ᠪᠠ ᠬᠡᠢ᠂ ᠴᠠᠬᠢᠯᠭᠠᠨ᠂ ᠬᠡᠷᠡᠯ ᠢᠯᠴᠢ ᠵᠡᠷᠭᠡ ᠤᠯᠠᠨ ᠵᠦᠢᠯ ᠤᠨ ᠤᠷᠤᠯᠠᠭᠤᠯᠬᠤ ᠠᠷᠭ᠎ᠠ ᠬᠡᠯᠪᠡᠷᠢ ᠶᠢ ᠰᠠᠶᠢᠳᠤᠷ ᠬᠡᠷᠡᠭᠯᠡᠵᠤ᠂ ᠨᠡᠭᠦᠷᠡᠰᠦ ᠰᠢᠳᠠᠭᠠᠬᠤ ᠠᠴᠠ ᠪᠤᠯᠤᠬᠰᠠᠨ ᠪᠤᠬᠢᠷᠳᠦᠯ ᠢ ᠪᠠᠭᠠᠰᠬᠠᠵᠤ᠂ ᠤᠯᠠᠨ ᠲᠦᠮᠡᠨ ᠤ ᠬᠠᠯᠠᠭᠤᠨ ᠲᠤᠯᠠᠭᠠᠬᠠᠨ ᠡᠪᠦᠯᠵᠢᠭᠦ ᠶᠢ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠪᠠ᠃      ᠦᠪᠦᠷ ᠮᠤᠩᠭᠤᠯ ᠪᠤᠯ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠤᠨ᠎ᠠ᠃ ᠯᠢ ᠵᠠᠨ ᠱᠦ ᠡᠯᠡᠰᠦ ᠪᠠ ᠰᠠᠯᠬᠢᠨ ᠤ ᠡᠬᠢ ᠶᠢᠨ ᠠᠮᠢ ᠠᠬᠤᠢ ᠶᠢ ᠵᠠᠰᠠᠬᠤ ᠢᠨᠵᠧᠨᠧᠷᠢᠩ ᠤᠨ ᠲᠤᠬᠠᠢ ᠶᠢᠨ ᠭᠠᠵᠠᠷ ᠲᠤ ᠬᠦᠷᠴᠤ ᠡᠯᠡᠰᠦ ᠶᠢ ᠰᠡᠷᠬᠡᠶᠢᠯᠡᠨ ᠡᠯᠡᠰᠦ ᠶᠢ ᠲᠤᠬᠳᠠᠪᠤᠷᠢᠵᠢᠭᠤᠯᠤᠬᠰᠠᠨ ᠦᠷ᠎ᠠ ᠪᠦᠳᠦᠮᠵᠢ ᠶᠢ ᠪᠠᠶᠢᠴᠠᠭᠠᠨ ᠦᠵᠡᠭᠦ ᠶᠢᠨ ᠬᠠᠮᠳᠤ ᠦᠪᠡᠷᠳᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ ᠢᠶᠠᠷ ᠬᠦᠷᠴᠤ ᠤᠷᠴᠢᠨ ᠲᠤᠭᠤᠷᠢᠨ ᠢ ᠬᠢᠨᠠᠨ ᠬᠡᠮᠵᠢᠭᠦ ᠬᠢᠨᠠᠨ ᠡᠵᠡᠮᠳᠡᠭᠦ ᠵᠡᠷᠭᠡ ᠠᠵᠢᠯ ᠢ ᠪᠠᠶᠢᠴᠠᠭᠠᠵᠠᠢ᠃ ᠲᠡᠷᠡ᠂ ᠦᠪᠦᠷ ᠮᠤᠩᠭᠤᠯ ᠤᠨ ᠬᠢᠨ ᠠᠮᠢ ᠠᠬᠤᠢ ᠤᠷᠴᠢᠨ ᠲᠤᠭᠤᠷᠢᠨ ᠢ ᠰᠠᠶᠢᠳᠤᠷ ᠬᠠᠮᠠᠭᠠᠯᠠᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ︽ᠰᠠᠶᠢᠬᠠᠨᠳᠠᠪᠠᠭ᠎ᠠ ᠶᠢᠨ ᠵᠤᠷᠢᠭ ᠰᠠᠨᠠᠭ᠎ᠠ︾  ᠶᠢ ᠦᠢᠯᠡᠳᠦᠯᠭᠡᠵᠢᠭᠦᠯᠵᠤ᠂ ᠰᠢᠷᠭᠠᠭᠤ ᠬᠠᠳᠠᠭᠤᠵᠢᠯᠳᠡᠢ ᠲᠡᠮᠡᠴᠡᠨ ᠤᠳᠠᠭᠠᠨ ᠲᠠᠭᠠᠭᠠᠮᠠᠭᠠᠢ ᠪᠠᠷᠢᠮᠳᠠᠯᠠᠵᠤ ᠂ ᠪᠡᠭᠡᠵᠢᠩ ᠲᠢᠶᠠᠨᠵᠢᠨ ᠾᠧᠪᠸᠢ ᠶᠢᠨ ᠡᠷᠬᠢᠨ ᠲᠤᠭᠤᠷᠢᠨ ᠤ ᠡᠯᠡᠰᠦ ᠪᠠ ᠰᠠᠯᠬᠢᠨ ᠤ ᠡᠬᠢ ᠶᠢᠨ ᠵᠠᠰᠠᠯᠳᠠ᠂ ︽ᠤᠮᠠᠷᠠᠳᠤ ᠶᠢᠨ ᠭᠤᠷᠪᠠᠨ ᠤᠷᠤᠨ︾ ᠤ ᠬᠠᠯᠬᠠᠪᠴᠢ ᠤᠢ ᠶᠢᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠠᠬᠢᠭᠤᠯᠵᠤ᠂ ᠴᠦᠯᠯᠡᠷᠬᠡᠭᠵᠢᠯ ᠢ ᠵᠠᠰᠠᠬᠤ᠂ ᠨᠤᠭᠤ ᠭᠠᠵᠠᠷ ᠢ ᠬᠠᠮᠠᠭᠠᠯᠠᠬᠤ ᠪᠠ ᠪᠤᠬᠢᠷᠳᠦᠯ ᠢ ᠰᠡᠷᠬᠡᠶᠢᠯᠡᠨ ᠵᠠᠰᠠᠬᠤ ᠶᠢ ᠴᠢᠩᠭᠠᠳᠬᠠᠵᠤ᠂ ᠡᠭᠡ ᠤᠯᠤᠰ ᠤᠨ ᠤᠮᠠᠷᠠᠳᠦ ᠬᠢᠯᠢ ᠳᠤ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ ᠴᠤᠬᠴᠠᠯᠠᠬᠤ ᠬᠡᠷᠡᠭᠳᠡᠢ ᠬᠡᠵᠤ ᠴᠢᠬᠤᠯᠠᠴᠢᠯᠠᠪᠠ᠃      ᠯᠢ ᠵᠠᠨ ᠱᠦ ᠲᠠᠪᠤᠨ ᠱᠠᠳᠤᠨ ᠤ ᠠᠷᠠᠳ ᠤᠨ ᠲᠦᠯᠦᠭᠡᠯᠡᠭᠴᠢᠳ ᠪᠤᠯᠤᠨ ᠤᠯᠠᠨ ᠲᠦᠮᠡᠨ ᠤ ᠲᠦᠯᠦᠭᠡᠯᠡᠭᠴᠢᠳ ᠲᠠᠢ ᠶᠠᠷᠢᠯᠴᠠᠬᠤ ᠬᠤᠷᠠᠯ ᠢ ᠲᠤᠰ ᠲᠤᠰ ᠡᠷᠬᠢᠯᠡᠨ ᠬᠤᠷᠠᠯᠳᠤᠭᠤᠯᠵᠤ᠂ ᠦᠪᠦᠷ ᠮᠤᠩᠭᠤᠯ ᠤᠨ ᠬᠠᠮᠢᠶ᠎ᠠ ᠪᠦᠬᠦᠢ ᠲᠠᠯ᠎ᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠦᠷᠴᠤ ᠠᠵᠢᠯᠳᠠᠳ ᠢ ᠪᠤᠯᠭᠤᠭᠠᠨ ᠦᠵᠡᠪᠡ᠃ ᠯᠢ ᠵᠠᠨ ᠱᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠪᠤᠬᠢᠷᠳᠦᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠭᠦ ᠲᠤᠬᠠᠢ ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠪᠠ᠃ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠦᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢ ᠱᠠᠭᠠᠷᠳᠠᠯᠭ᠎ᠠ ᠶᠢ ᠰᠡᠳᠬᠢᠯ ᠳᠡᠭᠡᠨ ᠴᠡᠬᠡᠵᠢᠯᠡᠵᠤ ᠮᠦᠷᠦᠨ ᠳᠡᠭᠡᠨ ᠡᠭᠦᠷᠭᠡᠯᠡᠨ ᠪᠤᠳᠠᠳᠦ ᠠᠵᠢᠯ ᠳᠠᠭᠠᠨ ᠨᠡᠶᠢᠳᠡᠪᠦᠷᠢᠵᠢᠭᠤᠯᠵᠤ᠂ ᠬᠦᠭᠡ ᠤᠬᠳᠠᠷᠭᠤᠢ ᠶᠢ ᠬᠠᠮᠭᠠᠯᠠᠬᠤ ᠲᠠᠶᠢᠯᠠᠯᠳᠤᠭᠠᠨ ᠤ ᠢᠯᠡᠯᠳᠠ ᠶᠢ ᠡᠷᠡᠰ ᠤᠯᠬᠤ ᠬᠡᠷᠡᠭᠳᠡᠢ ᠬᠡᠵᠤ ᠴᠢᠬᠤᠯᠠᠴᠢᠯᠠᠪᠠ᠃ ᠯᠢ ᠵᠠᠨ ᠱᠦ᠂ ᠠᠭᠠᠷ ᠮᠠᠨᠳᠠᠯ ᠤᠨ ᠪᠤᠬᠢᠷᠳᠦᠯ ᠢ ᠰᠡᠷᠬᠡᠶᠢᠯᠡᠨ ᠵᠠᠰᠠᠬᠤ ᠬᠠᠤᠯᠢ ᠶᠢᠨ ᠵᠦᠢᠯ ᠵᠤᠷᠪᠤᠰ ᠨᠢᠬᠡᠪᠦᠷᠢ ᠨᠢ ᠴᠦᠮ ᠲᠤᠷᠰᠢᠯᠭ᠎ᠠ ᠰᠤᠷᠭᠠᠮᠵᠢ ᠶᠢᠨ ᠳ᠋ᠦᠩᠨᠡᠯᠳᠡ ᠪᠤᠯᠤᠨ᠎ᠠ᠂ ᠵᠦᠢᠯ ᠵᠤᠷᠪᠤᠰ ᠨᠢᠬᠡᠪᠦᠷᠢ ᠨᠢ ᠴᠦᠮ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠨᠢᠬᠳᠠᠷᠠᠭᠤᠯᠵᠤ᠂ ᠵᠦᠢᠯ ᠵᠤᠷᠪᠤᠰ ᠨᠢᠬᠡᠪᠦᠷᠢ ᠨᠢ ᠴᠦᠮ ᠬᠠᠷᠢᠭᠤᠴᠠᠯᠭ᠎ᠠ ᠡᠭᠦᠷᠭᠡᠯᠡᠯ ᠢ ᠬᠠᠷᠠᠭᠤᠯᠵᠤ ᠪᠤᠢ᠃ ᠬᠠᠤᠯᠢ ᠴᠠᠭᠠᠵᠠ ᠶᠢ ᠬᠦᠮᠦᠰ ᠤᠨ ᠰᠡᠳᠬᠢᠯ ᠳᠤ ᠬᠠᠳᠠᠩᠰᠢᠭᠤᠯᠤᠨ ᠪᠤᠬᠢᠷᠳᠦᠯ ᠢ ᠵᠠᠰᠠᠬᠤ ᠬᠦᠴᠦᠳᠦ ᠵᠡᠪᠰᠡᠭ ᠪᠤᠯᠭᠠᠵᠤ᠂ ᠬᠠᠤᠯᠢ ᠴᠠᠭᠠᠵᠠ ᠠᠴᠠ ᠲᠤᠬᠳᠠᠭᠠᠬᠰᠠᠨ ᠵᠠᠰᠠᠭ ᠤᠨ ᠤᠷᠳᠤᠨ ᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠬᠠᠷᠢᠭᠤᠴᠠᠯᠭ᠎ᠠ᠂ ᠠᠷᠠᠳ ᠢᠷᠭᠡᠨ ᠤ ᠬᠠᠷᠢᠭᠤᠴᠠᠯᠭ᠎ᠠ ᠶᠢ ᠪᠤᠳᠠᠳᠠᠢ ᠳᠤ ᠨᠡᠶᠢᠳᠡᠪᠦᠷᠢᠵᠢᠭᠤᠯᠬᠤ ᠶᠢ ᠪᠠᠳᠤᠯᠠᠵᠤ᠂ ︽ᠬᠠᠤᠯᠢ ᠪᠠᠶᠢᠬᠤ ᠳᠤ ᠵᠢᠷᠤᠮᠯᠠᠬᠤ ᠦᠭᠡᠢ᠂ ᠬᠠᠤᠯᠢ ᠶᠢ ᠴᠢᠩᠭ᠎ᠠ ᠬᠡᠷᠡᠭᠵᠢᠭᠦᠯᠬᠦ ᠦᠭᠡᠢ᠂ ᠬᠠᠤᠯᠢ ᠶᠢ ᠵᠦᠷᠢᠴᠡᠭᠰᠡᠨ ᠪᠠᠶᠢᠬᠤ ᠳᠤ ᠨᠡᠭᠡᠮᠵᠢᠯᠡᠭᠦ ᠦᠭᠡᠢ︾ ᠪᠠᠶᠢᠬᠤ ᠪᠠᠶᠢᠳᠠᠯ ᠢ ᠡᠷᠡᠰ ᠵᠠᠯᠠᠷᠠᠭᠤᠯᠬᠤ ᠬᠡᠷᠡᠭᠳᠡᠢ᠃ ᠠᠷᠠᠳ ᠤᠨ ᠲᠦᠯᠦᠭᠡᠯᠡᠭᠴᠢ ᠶᠢᠨ ᠬᠦᠬᠦᠷᠭᠡ ᠬᠤᠯᠪᠤᠭᠠᠰᠦ ᠶᠢᠨ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠲᠤᠰᠬᠠᠨ᠂ ᠠᠷᠠᠳ ᠲᠦᠮᠡᠨ ᠤ ᠤᠶᠤᠨ ᠤᠬᠠᠭᠠᠨ ᠢ ᠲᠦᠪᠯᠡᠷᠡᠭᠦᠯᠦᠨ᠂ ᠪᠦᠬᠦ ᠨᠡᠶᠢᠭᠡᠮ ᠢᠶᠠᠷ ᠢᠶᠠᠨ ᠬᠠᠮᠳᠤᠪᠡᠷ ᠵᠠᠰᠠᠬᠤ ᠰᠠᠶᠢᠨ ᠰᠠᠶᠢᠬᠠᠨ ᠪᠠᠶᠢᠳᠠᠯ ᠤᠨ ᠪᠦᠷᠢᠯᠳᠦᠭᠦ ᠶᠢ ᠠᠬᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ      ᠬᠠᠤᠯᠢ ᠬᠡᠷᠡᠭᠵᠢᠭᠦᠯᠦᠯᠳᠡ ᠶᠢ ᠪᠠᠶᠢᠴᠠᠭᠠᠬᠤ ᠳᠣᠭᠤᠶᠢᠯᠠᠩ ᠤᠨ ᠬᠢᠨ ᠪᠠᠰᠠ ᠬᠡᠰᠡᠭ ᠠᠵᠤ ᠠᠬᠤᠶᠢᠯᠠᠯ ᠪᠠ ᠪᠠᠷᠢᠯᠭ᠎ᠠ ᠶᠢᠨ ᠭᠠᠵᠠᠷ ᠢᠶᠠᠷ ᠬᠡᠨᠡᠳᠡᠭᠦᠯᠦᠨ ᠨᠢᠭᠤᠴᠠ ᠰᠤᠷᠪᠤᠯᠵᠢᠯᠠᠭ᠎ᠠ ᠬᠢᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠳᠤ ᠬᠠᠤᠯᠢ ᠴᠠᠭᠠᠵᠠ ᠶᠢᠨ ᠮᠡᠳᠡᠯᠭᠡ ᠶᠢᠨ ᠠᠰᠠᠭᠤᠯᠳᠠ ᠬᠠᠷᠢᠭᠤᠯᠳᠠ ᠶᠢᠨ ᠬᠠᠭᠤᠳᠠᠰᠦ ᠪᠠᠷ ᠪᠠᠶᠢᠴᠠᠭᠠᠯᠳᠠ ᠬᠢᠵᠠᠢ᠃      ᠬᠠᠷᠢᠭᠤ ᠮᠡᠳᠡᠭᠦᠯᠦᠯᠳᠡ ᠶᠢᠨ ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ᠂ ᠯᠢ ᠵᠠᠨ ᠱᠦ ᠬᠤᠷᠢᠶᠠᠨ ᠲᠠᠷᠤᠭ᠎ᠠ ᠳᠣᠭᠤᠶᠢᠯᠠᠩ ᠲᠠᠭᠠᠭᠤᠯᠤᠨ ᠦᠪᠦᠷ ᠮᠤᠩᠭᠤᠯ ᠳᠤ ᠢᠷᠡᠵᠤ ᠠᠭᠠᠷ ᠮᠠᠨᠳᠠᠯ ᠤᠨ ᠪᠤᠬᠢᠷᠳᠦᠯ ᠢ ᠰᠡᠷᠬᠡᠶᠢᠯᠡᠨ ᠵᠠᠰᠠᠬᠤ ᠬᠠᠤᠯᠢ ᠶᠢᠨ ᠬᠠᠤᠯᠢ ᠬᠡᠷᠡᠭᠵᠢᠭᠦᠯᠦᠯᠳᠡ ᠶᠢ ᠪᠠᠶᠢᠴᠠᠭᠠᠵᠤ ᠪᠠᠶᠢᠭ᠎ᠠ ᠨᠢ ᠦᠪᠦᠷ ᠮᠤᠩᠭᠤᠯ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠳᠤ ᠨᠢᠭᠡ ᠤᠳᠠᠭ᠎ᠠ ᠶᠢᠨ ︽ᠤᠨᠤᠰᠢᠯᠠᠯᠳᠠ ᠵᠠᠰᠠᠯᠳᠠ︾ ᠪᠤᠯᠬᠤ ᠮᠦᠷᠳᠡᠭᠡᠨ ᠨᠡᠩ ᠴᠤ ᠨᠢᠭᠡ ᠤᠳᠠᠭ᠎ᠠ ᠶᠢᠨ ᠬᠦᠴᠦᠳᠡᠢ ᠠᠬᠢᠭᠤᠯᠤᠯ ᠪᠤᠯᠤᠨ᠎ᠠ᠂ ᠨᠠᠮ ᠤᠨ ᠲᠦᠪ ᠬᠤᠷᠢᠶ᠎ᠠ ᠪᠤᠯᠤᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠦᠪᠦᠷ ᠮᠤᠩᠭᠤᠯ ᠢ ᠲᠡᠭᠡᠳᠦ ᠬᠡᠮᠵᠢᠶ᠎ᠡ ᠪᠠᠷ ᠬᠦᠨᠳᠦᠳᠭᠡᠵᠤ ᠪᠠᠶᠢᠬᠤ ᠪᠠ ᠲᠤᠳᠤᠨᠤ ᠪᠠᠷ ᠬᠠᠯᠠᠮᠵᠢᠯᠠᠵᠤ ᠪᠠᠶᠢᠬᠤ ᠶᠢ ᠬᠦᠢᠴᠡᠳ ᠬᠠᠷᠠᠭᠤᠯᠵᠤ ᠪᠠᠶᠢᠨ᠎ᠠ᠃ ᠪᠢᠳᠡ ︽ᠲᠦᠷᠪᠡᠨ ᠤᠬᠠᠮᠰᠠᠷ︾ ᠢ ᠪᠠᠳᠤ ᠪᠤᠢ ᠪᠤᠯᠭᠠᠨ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠰᠠᠶᠢᠳᠤᠷ ᠬᠡᠷᠡᠭᠯᠡᠵᠤ᠂ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠪᠤᠳᠠᠳᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠲᠠᠢ ᠨᠢᠭᠡᠳᠦᠯᠳᠡᠢ ᠪᠠᠶᠢᠵᠤ᠂ ᠨᠠᠮ ᠤᠨ ᠲᠦᠪ ᠬᠤᠷᠢᠶ᠎ᠠ ᠲᠠᠢ ᠨᠢᠭᠡᠳᠦᠯᠳᠡᠢ ᠪᠠᠶᠢᠬᠤ ᠶᠢ ᠪᠠᠳᠤᠯᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠶᠢ ᠢᠮᠠᠬᠳᠠ ᠪᠠᠳᠤ ᠴᠡᠭᠡᠵᠢᠯᠡᠵᠤ᠂ ᠰᠢᠨ᠎ᠠ ᠬᠦᠭᠵᠢᠯᠳᠡ ᠶᠢᠨ ᠤᠶᠢᠯᠠᠭᠠᠭᠳᠠᠬᠤᠨ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠵᠤ᠂ ᠠᠮᠢ ᠠᠬᠤᠢ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠤᠷᠳᠤ ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠢᠳᠡᠪᠬᠢᠳᠡᠢ ᠪᠠᠶᠢᠭᠤᠯᠵᠤ᠂ ᠪᠤᠬᠢᠷᠳᠦᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠵᠤ ᠢᠯᠠᠯᠳᠠ ᠤᠯᠵᠤ᠂ ᠡᠭᠡ ᠤᠯᠤᠰ ᠤᠨ ᠤᠮᠠᠷᠠᠳᠦ ᠬᠢᠯᠢ ᠳᠤ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ ᠴᠤᠬᠴᠠᠯᠠᠨ᠎ᠠ᠃ ᠬᠠᠤᠯᠢ ᠬᠡᠷᠡᠭᠵᠢᠭᠦᠯᠦᠯᠳᠡ ᠶᠢᠨ ᠪᠠᠶᠢᠴᠠᠭᠠᠯᠳᠠ ᠳᠤ ᠴᠢᠩᠭ᠎ᠠ ᠬᠢᠨᠠᠮᠠᠭᠠᠢ ᠬᠠᠨᠳᠤᠵᠤ᠂ ︽ᠬᠠᠤᠯᠢ ᠴᠠᠭᠠᠵᠠ ᠶᠢᠨ ᠲᠤᠭᠤᠷᠢᠨ ᠪᠠᠶᠢᠴᠠᠭᠠᠯᠳᠠ︾ ᠶᠢ ᠰᠠᠨᠠᠭᠠᠴᠢᠯᠠᠭ᠎ᠠ ᠠᠴᠠ ᠪᠠᠨ ᠦᠨᠡᠨᠴᠢ ᠪᠠᠷ ᠬᠦᠯᠢᠶᠡᠵᠤ᠂ ︽ᠬᠠᠰᠢ ᠶᠠᠰᠢ ᠪᠠᠷ ᠦᠡᠭᠭᠡᠷᠡᠭᠦᠯᠬᠦ ᠦᠭᠡᠢ︾ ᠪᠠᠶᠢᠬᠤ ᠵᠤᠷᠢᠭ ᠰᠠᠨᠠᠭ᠎ᠠ ᠪᠤᠯᠤᠨ ︽ᠲᠠᠬᠢᠵᠤ ᠠᠯᠳᠠᠭ᠎ᠠ ᠦᠯᠦ ᠭᠠᠷᠭᠠᠬᠤ︾ ᠤᠪᠤᠷ ᠪᠠᠶᠢᠳᠠᠯ ᠢᠶᠠᠷ ᠪᠠᠶᠢᠴᠠᠭᠠᠬᠤ ᠲᠤᠭᠤᠶᠢᠢᠯᠠᠩ ᠤᠨ ᠵᠢᠭᠠᠵᠤ ᠭᠠᠷᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠵᠤ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠠᠯᠳᠠᠭ᠎ᠠ ᠲᠤᠳᠠᠬᠳᠠᠯ ᠢᠶᠠᠨ ᠨᠦᠬᠦᠪᠤᠷᠢᠯᠡᠵᠤ᠂ ᠦᠨᠡᠨᠭᠦ ᠬᠠᠤᠯᠢ ᠴᠠᠭᠠᠵᠠ ᠶᠢᠨ ᠵᠡᠪᠰᠡᠭ ᠢᠶᠠᠷ ᠬᠦᠭᠡ ᠤᠬᠳᠠᠷᠭᠤᠢ ᠬᠦᠪᠦᠩ ᠴᠠᠭᠠᠨ ᠡᠭᠦᠯᠡ ᠶᠢ ᠬᠠᠮᠠᠭᠠᠯᠠᠵᠤ᠂ ᠠᠷᠠᠳ ᠢᠷᠭᠡᠳ ᠤᠨ ᠴᠡᠩᠬᠡᠷ ᠤᠭᠳᠠᠷᠭᠤᠢ ᠴᠡᠪᠡᠷ ᠠᠭᠠᠷ ᠤᠨ ᠵᠤᠯ ᠵᠢᠷᠭᠠᠯᠳᠦ ᠲᠦᠷᠦᠭᠳᠡᠯ ᠢ ᠲᠠᠰᠤᠷᠠᠯᠳᠠ ᠦᠭᠡᠢ ᠲᠡᠭᠡᠭᠰᠢᠯᠡᠭᠦᠯᠤᠨ᠎ᠠ ᠬᠡᠪᠡ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠲᠡᠳ᠋ ᠡᠷᠬᠢᠯᠡᠭᠴᠢ ᠨᠠᠰᠤᠨᠮᠦ᠋ᠩᠬᠡ ᠠᠴᠠ ᠦᠪᠦᠷ ᠮᠤᠩᠭᠤᠯ ᠤᠨ ᠠᠭᠠᠷ ᠮᠠᠨᠳᠠᠯ ᠤᠨ ᠪᠤᠬᠢᠷᠳᠦᠯ ᠢ ᠰᠡᠷᠬᠡᠶᠢᠯᠡᠨ ᠵᠠᠰᠠᠬᠤ ᠬᠠᠤᠯᠢ ᠶᠢ ᠲᠤᠬᠳᠠᠭᠠᠬᠰᠠᠨ ᠪᠠ ᠬᠢᠨᠠᠯᠳᠠ ᠲᠠᠯᠪᠢᠬᠰᠠᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ ᠵᠢᠴᠢ ᠦᠪᠡᠷᠳᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ᠂ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ ᠤᠨ ᠬᠠᠷᠢᠭᠤᠴᠠᠯᠭᠠᠳᠠᠨ ᠠᠴᠠ ᠮᠠᠨ ᠤ ᠤᠷᠤᠨ ᠤ ︽ᠠᠭᠠᠷ ᠮᠠᠨᠳᠠᠯ ᠤᠨ ᠪᠤᠬᠢᠷᠳᠦᠯ ᠢ ᠰᠡᠷᠬᠡᠶᠢᠯᠡᠨ ᠵᠠᠰᠠᠬᠤ ᠬᠠᠤᠯᠢ︾ ᠶᠢ ᠲᠤᠤᠱᠯᠠᠭᠤᠯᠤᠨ ᠨᠡᠶᠢᠳᠡᠪᠦᠷᠵᠢᠭᠤᠯᠵᠤ ᠪᠠᠶᠢᠭ᠎ᠠ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠡᠢ᠃      ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠲᠠᠷᠤᠭ᠎ᠠ ᠶᠠᠩ ᠵᠧᠨ ᠡᠦ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠰᠢᠭᠦᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠤᠷᠴᠢᠨ ᠲᠤᠭᠤᠷᠢᠨ ᠬᠢᠭᠡᠳ ᠡᠬᠢ ᠪᠠᠶᠠᠯᠢᠭ ᠤᠨ ᠬᠠᠮᠠᠭᠠᠯᠠᠯᠳᠠ ᠶᠢᠨ ᠵᠦᠪᠯᠡᠯ ᠤᠨ ᠡᠷᠬᠢᠯᠡᠭᠴᠢ ᠬᠡᠰᠢᠭᠦᠨ ᠭᠤᠤ ᠬᠦ ᠴᠧᠩ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠰᠢᠭᠦᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠤᠷᠴᠢᠨ ᠲᠤᠭᠤᠷᠢᠨ ᠬᠢᠭᠡᠳ ᠡᠬᠢ ᠪᠠᠶᠠᠯᠢᠭ ᠤᠨ ᠬᠠᠮᠠᠭᠠᠯᠠᠯᠳᠠ ᠶᠢᠨ ᠵᠦᠪᠯᠡᠯ ᠤᠨ ᠲᠡᠳ᠋ ᠡᠷᠬᠢᠯᠡᠭᠴᠢ ᠬᠡᠰᠢᠭᠦᠨ ᠶᠤᠸᠠᠨ ᠰᠧ ᠬᠠᠤᠯᠢ ᠬᠡᠷᠡᠭᠵᠢᠭᠦᠯᠦᠯᠳᠡ ᠶᠢᠨ ᠪᠠᠶᠢᠴᠠᠭᠠᠯᠳᠠ ᠳᠤ ᠤᠷᠤᠯᠴᠠᠵᠤ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ ᠤᠨ ᠰᠤᠳᠤᠯᠬᠤ ᠲᠠᠰᠤᠭ ᠤᠨ ᠡᠷᠬᠢᠯᠡᠭᠴᠢ ᠰᠦᠩ ᠷᠦᠢ ᠬᠠᠤᠯᠢ ᠬᠡᠷᠡᠭᠵᠢᠭᠦᠯᠦᠯᠳᠡ ᠶᠢᠨ ᠪᠠᠶᠢᠴᠠᠭᠠᠯᠳᠠ ᠳᠤ ᠤᠷᠤᠯᠴᠠᠵᠤ᠂ ᠠᠮᠢ ᠠᠬᠤᠢ ᠤᠷᠴᠢᠨ ᠲᠤᠭᠤᠷᠢᠨ ᠤ ᠶᠠᠮᠤᠨ ᠤ ᠲᠡᠳ᠋ ᠰᠠᠶᠢᠳ ᠵᠠᠢ ᠴᠢᠩ ᠬᠠᠤᠯᠢ ᠬᠡᠷᠡᠭᠵᠢᠭᠦᠯᠦᠯᠳᠡ ᠶᠢᠨ ᠪᠠᠶᠢᠴᠠᠭᠠᠯᠳᠠ ᠳᠤ ᠬᠠᠮᠳᠤ ᠤᠷᠤᠯᠴᠠᠵᠠᠢ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠶᠤᠸᠠᠨ ᠵᠦᠩ᠂ ᠶᠦᠨ ᠭᠤᠸᠠᠩ ᠵᠦᠩ᠂ ᠯᠦᠸᠧ ᠶᠦᠩ ᠭᠠᠩ᠂ ᠯᠢ ᠷᠦᠩ ᠰᠢ᠂ ᠶᠠᠩ ᠸᠧᠢ ᠳ᠋ᠦᠩ ᠨᠠᠷ ᠲᠤᠰ ᠲᠤᠰ ᠬᠠᠮᠢᠶ᠎ᠠ ᠪᠦᠬᠦᠢ ᠠᠵᠢᠯᠯᠠᠭ᠎ᠠ ᠪᠤᠶᠤ ᠶᠠᠷᠢᠯᠴᠠᠬᠤ ᠬᠤᠷᠠᠯ ᠳᠤ ᠤᠷᠤᠯᠴᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号