ᠮᠠᠨ ᠤ ᠬᠤᠰᠢᠭᠤ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠬᠤᠶᠡᠷ ᠵᠦᠪᠯᠡᠯ︾ ᠤᠨ ᠬᠤᠭᠤᠴᠠᠭ᠎ᠠ | ᠰᠤᠯᠢᠬᠤ ᠰᠤᠩᠭᠤᠭᠤᠯᠢ ᠬᠢᠬᠦ ᠠᠵᠢᠯ ᠢ ᠴᠢᠬᠤᠯᠠ ᠤᠯᠤᠰ ᠲᠦᠷᠦ ᠶᠢᠨ ᠡᠬᠦᠷᠬᠡ ᠪᠤᠯᠭᠠᠨ ᠠᠳᠬᠤᠵᠤ᠂ ᠵᠤᠬᠢᠶᠠᠨ | ᠪᠠᠶᠢᠭᠤᠯᠤᠯᠳᠠ ᠪᠠᠨ ᠴᠢᠩᠭᠠᠳᠬᠠᠵᠤ᠂ ᠪᠡᠯᠡᠳᠬᠡᠯ ᠠᠵᠢᠯ ᠢᠶᠠᠨ ᠰᠠᠶᠢᠳᠤᠷ ᠬᠢᠵᠤ᠂ ᠬᠤᠭᠤᠴᠠᠭ᠎ᠠ ᠰᠤᠯᠢᠬᠤ | ᠰᠤᠩᠭᠤᠭᠤᠯᠢ ᠶᠢᠨ ᠠᠵᠢᠯ ᠤᠨ ᠤᠷᠤᠭᠰᠢᠳᠠᠢ ᠠᠬᠢᠬᠤ ᠶᠢ ᠪᠠᠳᠤᠯᠠᠵᠤ ᠪᠠᠶᠢᠨ᠎ᠠ᠃ | ᠵᠤᠬᠢᠶᠠᠨ ᠪᠠᠶᠢᠭᠤᠯᠤᠯᠳᠠ ᠪᠠ ᠤᠳᠤᠷᠢᠳᠤᠯᠭ᠎ᠠ ᠪᠠᠨ ᠴᠢᠩᠭ᠎ᠠ ᠠᠳᠬᠤᠵᠤ᠂ ᠬᠤᠭᠤᠴᠠᠭ᠎ᠠ ᠰᠤᠯᠢᠬᠤ | ᠰᠤᠩᠭᠤᠭᠤᠯᠢ ᠶᠢᠨ ᠠᠵᠢᠯ ᠤᠨ ᠪᠠᠶᠢᠷᠢᠯᠠᠭᠤᠯᠤᠯᠳᠠ ᠶᠢᠨ ᠨᠠᠷᠢᠨ ᠨᠢᠮᠪᠠᠢ ᠪᠠᠶᠢᠬᠤ ᠶᠢ ᠪᠠᠳᠤᠯᠠᠪᠠ᠃ ᠬᠤᠰᠢᠭᠤᠨ ᠤ | ᠨᠠᠮ ᠤᠨ ᠬᠤᠷᠢᠶ᠎ᠠ ᠠᠴᠠ ᠭᠤᠤᠯ ᠴᠤᠬᠴᠠᠳᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠪᠠᠷ ᠬᠦᠢᠴᠡᠳᠬᠡᠵᠤ᠂ ᠰᠤᠮᠤ | ᠪᠠᠯᠭᠠᠰᠤᠨ ᠳᠤ ᠲᠤᠮᠢᠯᠠᠨ ᠰᠠᠭᠤᠯᠭᠠᠬᠤ 6 ᠵᠢᠭᠠᠨ ᠵᠢᠯᠤᠭᠤᠳᠬᠤ ᠲᠤᠭᠤᠢᠢᠯᠠᠩ ᠪᠠ ᠵᠡᠬᠦᠨ ᠪᠠᠷᠠᠭᠤᠨ ᠬᠡᠰᠡᠭ ᠤᠨ | ᠰᠤᠮᠤ ᠪᠠᠯᠭᠠᠰᠤ ᠶᠢᠨ 2 ᠱᠠᠭᠠᠷᠳᠡᠨ ᠪᠠᠶᠢᠴᠠᠭᠠᠵᠤ ᠠᠬᠢᠭᠤᠯᠬᠤ ᠲᠤᠭᠤᠢᠢᠯᠠᠩ ᠢ ᠪᠠᠶᠢᠭᠤᠯᠪᠠ᠃ ᠬᠤᠳᠠ ᠶᠢᠨ | ᠱᠠᠭᠠᠷᠳᠠᠯᠭ᠎ᠠ ᠶᠤᠰᠤᠭᠠᠷ᠂ ᠪᠦᠬᠦ ᠬᠤᠰᠢᠭᠤᠨ ᠤ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠬᠤᠶᠡᠷ ᠵᠦᠪᠯᠡᠯ | ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠲᠦᠰᠦᠯ ᠢ ᠲᠤᠭᠳᠠᠭᠠᠨ ᠲᠠᠷᠬᠠᠭᠠᠵᠤ᠂ ᠨᠠᠷᠠ | ᠲᠡᠪᠰᠢᠬᠦᠯᠬᠦ᠂ ᠰᠤᠩᠭᠤᠭᠤᠯᠢ ᠬᠢᠬᠦ᠂ ᠰᠤᠩᠭᠤᠭᠤᠯᠢ ᠶᠢᠨ ᠦᠷ᠎ᠠ ᠳ᠋ᠦᠡᠭ ᠢ ᠨᠤᠳᠠᠯᠠᠬᠤ ᠵᠡᠷᠬᠡ ᠵᠠᠩᠬᠢᠯᠠᠭ᠎ᠠ ᠶᠢᠨ | ᠭᠤᠭᠴᠤᠭ᠎ᠠ ᠶᠢᠨ ᠠᠯᠬᠤᠮ ᠲᠠᠷᠠᠭ᠎ᠠ ᠶᠢ ᠴᠢᠨᠠᠭᠰᠢᠳᠠ ᠨᠠᠷᠢᠯᠢᠭᠵᠢᠭᠤᠯᠤᠨ ᠪᠤᠳᠠᠳᠠᠶᠢᠵᠢᠭᠤᠯᠪᠠ᠃ | ᠡᠮᠦᠨ᠎ᠠ ᠬᠤᠭᠤᠴᠠᠭᠠᠨ ᠤ ᠪᠡᠯᠡᠳᠬᠡᠯ ᠠᠵᠢᠯ ᠢ ᠴᠢᠩᠭ᠎ᠠ ᠠᠳᠬᠤᠵᠤ᠂ ᠬᠤᠭᠤᠴᠠᠭ᠎ᠠ ᠰᠤᠯᠢᠬᠤ | ᠰᠤᠩᠭᠤᠭᠤᠯᠢ ᠶᠢᠨ ᠠᠵᠢᠯ ᠤᠨ ᠰᠠᠭᠤᠷᠢ ᠶᠢ ᠪᠠᠳᠤᠳᠬᠠᠪᠠ᠃ ᠭᠠᠪᠰᠢᠭᠠᠢ ᠬᠦᠴᠦᠨ ᠢ ᠵᠤᠬᠢᠶᠠᠨ ᠪᠠᠶᠢᠭᠤᠯᠤᠨ ᠤᠯᠠᠨ | ᠲᠦᠮᠡᠨ ᠤ ᠲᠤᠮᠳᠠ ᠬᠦᠨᠵᠡᠬᠡᠶᠢᠷᠡᠵᠤ᠂ ᠡᠯ᠎ᠠ ᠭᠠᠴᠠᠭ᠎ᠠ ᠲᠤᠰᠬᠤᠨ ᠤ ᠨᠠᠮ ᠤᠨ ᠬᠡᠰᠢᠬᠦᠨ ᠺᠠᠳ᠋ᠷᠴᠤᠳ ᠤᠨ ᠦᠵᠡᠯ | ᠰᠠᠨᠠᠭ᠎ᠠ ᠶᠢᠨ ᠪᠠᠶᠢᠳᠠᠯ᠂ ᠲᠤᠰᠢᠶᠠᠯ ᠳᠤ ᠪᠠᠶᠢᠭ᠎ᠠ ᠤᠳᠤᠷᠢᠳᠬᠤ ᠪᠠᠭ ᠵᠢᠴᠢ ᠪᠡᠯᠡᠳᠬᠡᠯ ᠺᠠᠳ᠋ᠷ ᠢ ᠲᠤᠮᠢᠯᠠᠬᠤ ᠵᠡᠷᠭᠡ | ᠲᠠᠯ᠎ᠠ ᠶᠢᠨ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠤᠢᠢᠯᠠᠭᠠᠵᠤ᠂ ᠠᠵᠢᠯ ᠤᠨ ᠲᠠᠩᠰᠠ ᠶᠢ ᠨᠠᠷᠢᠯᠢᠭ ᠲᠡᠮᠳᠡᠭᠯᠡᠪᠡ᠃ | ᠬᠤᠰᠢᠭᠤᠨ ᠤ 6 ᠰᠤᠮᠤ ᠪᠠᠯᠭᠠᠰᠤ ᠶᠢ ᠱᠠᠭᠠᠷᠳᠡᠨ ᠭᠤᠷᠪᠡᠳᠤᠭᠠᠷ ᠡᠳᠡᠬᠡᠳ ᠤᠨ ᠲᠤᠰᠬᠠᠢ ᠮᠡᠷᠬᠡᠵᠢᠯ ᠤᠨ ᠬᠢᠨᠠᠨ | ᠪᠤᠳᠤᠬᠤ ᠺᠤᠮᠫᠠᠨᠢ ᠶᠢ ᠤᠷᠢᠨ ᠠᠪᠴᠢᠷᠠᠵᠤ᠂ 2015 ᠤᠨ ᠤ ︽ᠬᠤᠶᠡᠷ ᠵᠦᠪᠯᠡᠯ︾ ᠤᠨ ᠬᠤᠭᠤᠴᠠᠭ᠎ᠠ | ᠰᠤᠯᠢᠬᠰᠡᠨ ᠠᠴᠠ ᠨᠠᠭᠠᠰᠢᠬᠢ ᠭᠠᠴᠠᠭ᠎ᠠ ᠲᠤᠰᠬᠤᠨ ᠤ ᠡᠳ᠋ ᠤᠨ ᠶᠠᠪᠤᠳᠠᠯ ᠵᠢᠴᠢ ᠭᠤᠤᠯ ᠬᠠᠷᠢᠭᠤᠴᠠᠯᠭᠠᠳᠠᠨ ᠤ | ᠲᠤᠰᠢᠶᠠᠯ ᠤᠨ ᠬᠤᠭᠤᠴᠠᠭᠠᠨ ᠤ ᠠᠵᠤ ᠠᠬᠤᠢ ᠶᠢᠨ ᠬᠠᠷᠢᠭᠤᠴᠠᠯᠭ᠎ᠠ ᠳᠤ ᠨᠠᠷᠢᠯᠢᠭ ᠬᠢᠨᠠᠨ ᠪᠤᠳᠤᠯᠳᠠ ᠬᠢᠯᠭᠡᠪᠡ᠃ | ᠵᠤᠬᠢᠶᠠᠨ ᠪᠠᠶᠢᠭᠤᠯᠤᠯᠳᠠ ᠶᠢᠨ ᠦᠢᠯᠡᠳᠤᠯ ᠢ ᠲᠤᠤᠱᠳᠠᠢ ᠪᠠᠳᠠᠷᠠᠭᠤᠯᠵᠤ᠂ ᠬᠤᠭᠤᠴᠠᠭ᠎ᠠ ᠰᠤᠯᠢᠬᠤ | ᠰᠤᠩᠭᠤᠭᠤᠯᠢ ᠶᠢᠨ ᠠᠵᠢᠯ ᠤᠨ ᠤᠷᠤᠭᠰᠢᠳᠠᠢ ᠠᠬᠢᠬᠤ ᠶᠢ ᠪᠠᠳᠤᠯᠠᠪᠠ᠃ 5 ᠰᠠᠷ᠎ᠠ ᠶᠢᠨ 9 ᠤ ᠡᠳᠦᠷ ᠪᠦᠬᠦ | ᠬᠤᠰᠢᠭᠤᠨ ᠤ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠬᠤᠶᠡᠷ ᠵᠦᠪᠯᠡᠯ︾ ᠤᠨ ᠬᠤᠭᠤᠴᠠᠭ᠎ᠠ ᠰᠤᠯᠢᠬᠤ | ᠰᠤᠩᠭᠤᠭᠤᠯᠢ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠠᠴᠠ | ᠰᠤᠩᠭᠤᠭᠤᠯᠢ ᠶᠢᠨ ᠠᠵᠢᠯ ᠤᠨ ᠲᠠᠯ᠎ᠠ ᠪᠠᠷ ᠲᠠᠶᠢᠴᠢᠯᠠᠨ ᠪᠠᠶᠢᠷᠢᠯᠠᠭᠤᠯᠬᠤ ᠶᠠᠷᠢᠶ᠎ᠠ ᠢᠯᠡᠳᠬᠡᠯ ᠬᠢᠵᠤ᠂ ᠪᠦᠬᠦ | ᠬᠤᠰᠢᠭᠤᠨ ᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠳᠤ ᠲᠤᠬᠢᠷᠠᠭᠤᠯᠤᠯᠳᠠ ᠬᠢᠪᠠ᠃ ᠡᠯ᠎ᠠ ᠰᠤᠮᠤ | ᠪᠠᠯᠭᠠᠰᠤ ᠨᠢ ᠡᠷᠳᠡ ᠲᠦᠯᠦᠪᠯᠡᠬᠦ᠂ ᠡᠷᠳᠡ ᠪᠠᠶᠢᠷᠢᠯᠠᠭᠤᠯᠬᠤ᠂ ᠡᠷᠳᠡ ᠡᠬᠢᠯᠡᠬᠦᠯᠬᠦ ᠶᠢ ᠪᠠᠷᠢᠮᠳᠠᠯᠠᠵᠤ᠂ 5 ᠰᠠᠷ᠎ᠠ ᠶᠢᠨ | 17 ᠤ ᠡᠳᠦᠷ ᠪᠠᠯᠭᠠᠰᠤᠨ ᠤ ᠱᠠᠳᠤᠨ ᠤ ᠪᠠᠶᠢᠷᠢᠯᠠᠭᠤᠯᠤᠯᠳᠠ ᠵᠢᠴᠢ ᠲᠤᠰᠬᠤᠨ ᠤ ᠱᠠᠳᠤᠨ ᠤ | ᠪᠠᠶᠢᠷᠢᠯᠠᠭᠤᠯᠤᠯᠳᠠ ᠶᠢᠨ ᠠᠵᠢᠯ ᠢ ᠲᠠᠭᠤᠰᠬᠠᠪᠠ᠃ ᠺᠠᠳ᠋ᠷ ᠬᠡᠰᠢᠬᠦᠳ ᠤᠨ ᠪᠤᠯᠪᠠᠰᠤᠷᠠᠯ ᠢ ᠰᠠᠶᠢᠳᠤᠷ ᠪᠠᠷᠢᠮᠳᠠᠯᠠᠵᠤ᠂ | ᠲᠤᠬᠠᠢᠢᠯᠠᠭᠰᠠᠨ ᠠᠵᠢᠯ ᠤᠨ ᠪᠤᠯᠪᠠᠰᠤᠷᠠᠯ ᠢ ᠴᠠᠭ ᠲᠤᠬᠠᠢ ᠳᠤ ᠨᠢ ᠵᠤᠬᠢᠶᠠᠨ ᠪᠠᠶᠢᠭᠤᠯᠤᠨ ᠦᠷᠨᠢᠬᠦᠯᠵᠤ᠂ | ᠭᠤᠤᠯᠳᠠᠭᠤ ᠰᠤᠮᠤ ᠪᠠᠯᠭᠠᠰᠤᠨ ᠤ ᠭᠠᠴᠠᠭ᠎ᠠ ᠲᠤᠰᠬᠤᠨ᠂ ᠨᠡᠶᠢᠬᠡᠮ ᠲᠤᠭᠤᠷᠢᠭ ᠤᠨ ︽ᠬᠤᠶᠡᠷ ᠵᠦᠪᠯᠡᠯ︾ ᠤᠨ | ᠺᠠᠳ᠋ᠷ ᠬᠡᠰᠢᠬᠦᠨ ᠵᠢᠴᠢ ᠬᠤᠯᠪᠤᠭᠳᠠᠯ ᠪᠦᠬᠦᠢ ᠠᠵᠢᠯᠳᠠᠳ ᠲᠤ ᠪᠤᠯᠪᠠᠰᠤᠷᠠᠯ ᠬᠦᠷᠳᠡᠭᠡᠪᠡ᠃ ᠡᠬᠦᠨ ᠤ ᠬᠠᠮᠳᠤ ᠷᠠᠳᠢᠤ᠋ | ᠨᠡᠪᠳᠡᠷᠡᠬᠦᠯᠬᠡ᠂ ᠲᠧᠯᠸᠢᠰ ᠬᠤᠷᠢᠶ᠎ᠠ᠂ ᠰᠤᠨᠢᠨ ᠰᠡᠳᠬᠦᠯ᠂ ᠤᠬᠠᠭᠤᠯᠭ᠎ᠠ ᠶᠢᠨ ᠲᠡᠪᠳᠡᠷ ᠵᠡᠷᠬᠡ ᠤᠯᠠᠮᠵᠢᠯᠠᠯᠳᠤ | ᠵᠠᠭᠤᠴᠢᠯᠠᠭᠤᠷ ᠪᠠ ᠵᠢᠷᠬᠢᠶ᠎ᠠ᠂ ᠨᠡᠮ ᠤᠨ ᠪᠠᠶᠢᠭᠤᠯᠤᠯᠳᠠ ᠶᠢᠨ ᠰᠦᠯᠵᠢᠶ᠎ᠠ ᠵᠡᠷᠬᠡ ᠰᠢᠨ᠎ᠠ ᠮᠠᠶ᠋ᠢᠭ ᠤᠨ ᠵᠠᠭᠤᠴᠢᠯᠠᠭᠤᠷ ᠢ | ᠠᠰᠢᠭᠯᠠᠨ ᠤᠬᠠᠭᠤᠯᠭ᠎ᠠ ᠬᠢᠵᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠤᠬᠢ ᠰᠠᠶᠢᠨ ᠠᠭᠤᠷ | ᠠᠮᠢᠰᠬᠤᠯ ᠢ ᠪᠤᠢ ᠪᠤᠯᠭᠠᠵᠠᠢ᠃ |