ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠳᠣᠣᠱᠯᠠᠭᠤᠯᠵᠣ᠂ ᠰᠢᠨ᠎ᠡ | ᠴᠠᠭ ᠦᠶ᠎ᠡ ᠶᠢᠨ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠬᠤᠰᠢᠭᠤᠴᠢ ᠳᠠᠭᠤᠷᠢᠶᠠᠯ ᠦᠢᠯᠡᠳᠦᠯ ᠢ ᠰᠠᠶᠢᠲᠤᠷ | ᠪᠠᠳᠠᠷᠠᠭᠤᠯᠬᠤ ᠶᠢᠨ ᠲᠥᠯᠥᠭᠡ ᠤᠶᠢᠷ᠎ᠠ ᠳᠤ ᠬᠤᠰᠢᠭᠤ ᠤᠰᠤᠨ ᠶᠠᠪᠤᠳᠠᠯ ᠪᠠ ᠬᠥᠷᠥᠰᠥ ᠰᠢᠷᠣᠢ ᠶᠢ ᠬᠠᠮᠠᠭᠠᠯᠠᠬᠤ | ᠲᠣᠪᠴᠢᠶ᠎ᠠ ︽ᠤᠭ ᠰᠠᠨᠠᠭ᠎ᠠ ᠪᠠᠨ ᠥᠯᠥ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠵᠣᠷᠢᠭᠲᠠᠢ ᠪᠠᠷ | ᠡᠭᠦᠷᠭᠡᠯᠡᠬᠦ︾ ᠭᠤᠣᠯ ᠰᠡᠳᠦᠪᠲᠦ ᠨᠠᠮ ᠤᠨ ᠬᠦᠮᠦᠵᠢᠯ ᠤᠨ ᠠᠵᠢᠯᠯᠠᠭ᠎ᠠ ᠥᠷᠨᠢᠭᠦᠯᠵᠤ ᠨᠡᠶᠢᠲᠡ 55 ᠺᠠᠳ᠋ᠷ | ᠠᠵᠢᠯᠲᠠᠨ ᠣᠷᠣᠯᠴᠠᠵᠠᠢ᠃ | ᠠᠵᠢᠯᠯᠠᠭ᠎ᠠ ᠳᠤ ᠺᠠᠳ᠋ᠷ ᠠᠵᠢᠯᠲᠠᠳ ᠵᠢᠭᠰᠠᠨ ᠮᠥᠷᠥᠯᠡᠵᠦ ᠨᠠᠮ ᠤᠨ ᠲᠤᠭ ᠪᠣᠯᠣᠨ ᠤᠬᠠᠭᠤᠯᠭ᠎ᠠ ᠶᠢᠨ | ᠥᠩᠭᠡᠲᠦ ᠲᠤᠭ ᠢ ᠡᠷᠭᠦᠨ ᠤᠷᠢᠬᠠᠨ ᠰᠠᠯᠬᠢᠨ ᠢ ᠤᠭᠲᠤᠨ ᠤᠭᠠᠯᠵᠠᠯᠠᠨ ᠤᠷᠤᠰᠬᠤ ᠰᠢᠷᠬᠤᠰᠤᠨ ᠭᠤᠣᠯ ᠢ ᠲᠠᠭᠠᠨ | ᠶᠠᠪᠠᠭᠠᠨ ᠠᠶᠠᠯᠠᠬᠤ ︽ᠤᠭ ᠰᠠᠨᠠᠭ᠎ᠠ ᠪᠠᠨ ᠥᠯᠥ ᠮᠠᠷᠲᠠᠨ ᠡᠭᠦᠷᠢᠳᠡ ᠨᠠᠮ ᠢᠶᠠᠨ ᠲᠠᠭᠠᠨ᠂ ᠬᠦᠴᠢᠷ ᠢ ᠳᠠᠪᠠᠨ | ᠰᠢᠨ᠎ᠡ ᠠᠶᠠᠨ ᠢ ᠡᠬᠢᠯᠡᠭᠦᠯᠬᠦ︾ ᠭᠤᠣᠯ ᠰᠡᠳᠦᠪᠲᠦ ᠠᠵᠢᠯᠯᠠᠭ᠎ᠠ ᠪᠠᠨ ᠡᠬᠢᠯᠡᠬᠦᠯᠦᠭᠰᠡᠨ ᠪᠠᠶᠢᠨ᠎ᠠ᠃ ᠠᠶᠠᠯᠠᠯ ᠤᠨ | ᠳᠤᠮᠳᠠ ᠳᠠᠪᠠᠭ᠎ᠠ ᠪᠤᠶᠤ ᠠᠶᠤᠯ ᠪᠡᠷᠬᠡ ᠲᠠᠢ ᠭᠠᠵᠠᠷ ᠲᠠᠭᠠᠷᠠᠯᠳᠤᠬᠤ ᠪᠦᠷᠢ ᠺᠠᠳ᠋ᠷ ᠠᠵᠢᠯᠲᠠᠳ ᠬᠠᠷᠢᠯᠴᠠᠨ ᠨᠢᠭᠡ | ᠨᠢᠭᠡ ᠶᠢ ᠪᠠᠨ ᠬᠠᠪᠰᠤᠷᠤᠨ ᠬᠠᠮᠲᠤ ᠪᠠᠷ ᠪᠡᠷᠬᠡ ᠶᠢ ᠲᠤᠭᠤᠯᠵᠤ ᠨᠢᠭᠡ ᠨᠢᠭᠡ ᠲᠠᠢ ᠪᠠᠨ ᠥᠷᠢᠰᠦᠯᠳᠦᠨ ᠮᠠᠩᠯᠠᠢ ᠳᠤᠨᠢ | ᠭᠠᠷᠬᠤ ᠪᠠᠷ ᠮᠡᠷᠡᠶᠢᠨ ᠲᠡᠮᠡᠴᠡᠵᠦ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠤᠰᠤᠨ ᠠᠰᠢᠭᠯᠠᠯᠲᠠ ᠶᠢᠨ | ᠬᠤᠰᠢᠭᠤᠴᠢ ᠺᠠᠳ᠋ᠷ ᠪᠤᠯᠬᠤ ᠪᠠᠷ ᠲᠡᠮᠡᠴᠡᠬᠦ ᠰᠢᠯᠢᠳᠡᠭ ᠵᠣᠷᠢᠭ ᠰᠠᠨᠠᠭ᠎ᠠ ᠶᠢ ᠢᠯᠡᠷᠡᠭᠦᠯᠪᠡ᠃ ᠬᠡᠭᠡᠷ᠎ᠡ ᠶᠢᠨ ᠠᠶᠠᠯᠠᠯ ᠤᠨ | ᠱᠤᠭᠤᠮ ᠤᠨ ᠪᠦᠬᠦ ᠤᠷᠲᠤ 8.5 ᠺᠢᠯᠣᠮᠧᠲᠷ ᠪᠠᠶᠢᠵᠤ ᠲᠡᠭᠦᠰᠬᠡᠯ ᠤᠨ ᠴᠡᠭ ᠨᠢ ︽ᠳ᠋ᠢ ᠱᠣᠣ ᠭᠧᠥ ᠶᠢᠨ | ᠪᠠᠶᠢᠯᠳᠤᠭᠠᠨ ᠤ ᠳᠤᠷᠠᠰᠬᠠᠯ ᠤᠨ ᠬᠦᠷᠢᠶᠡᠯᠡᠩ︾ ᠬᠦᠷᠴᠦ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠤᠯᠠ | ᠮᠥᠷ ᠢ ᠪᠠᠷᠠᠯᠠᠨ ᠬᠠᠮᠲᠤ ᠶᠢᠨ ᠵᠢᠷᠤᠭ ᠰᠡᠭᠦᠳᠡᠷ ᠠᠪᠴᠤ ᠲᠤᠷᠠᠰᠬᠠᠯ ᠦᠯᠡᠳᠡᠭᠡᠪᠡ᠃ | ᠠᠵᠢᠯᠯᠠᠭ᠎ᠠ ᠳᠤ ᠪᠠᠰᠠ ︽ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠵᠣᠷᠢᠭᠲᠠᠢ ᠪᠠᠷ ᠡᠭᠦᠷᠭᠡᠯᠡᠵᠤ | ᠤᠰᠤᠨ ᠠᠰᠢᠭᠯᠠᠯᠲᠠ ᠶᠢᠨ ᠰᠢᠨ᠎ᠡ ᠦᠰᠦᠷᠦᠯᠲᠡ ᠶᠢ ᠪᠡᠶᠡᠯᠡᠭᠦᠯᠬᠦ︾ ᠲᠤᠰᠬᠠᠢ ᠰᠡᠳᠦᠪᠲᠦ ᠰᠠᠭᠤᠳᠠᠯ ᠤᠨ ᠬᠤᠷᠠᠯ ᠢ | ᠬᠤᠷᠠᠯᠳᠤᠭᠤᠯᠵᠤ᠂ ᠰᠢᠯᠢᠳᠡᠭ ᠨᠠᠮ ᠤᠨ ᠭᠡᠰᠢᠭᠦᠨ ᠪᠣᠯᠤᠨ ᠲᠡᠷᠢᠭᠦᠨ ᠤ ᠠᠵᠢᠯᠲᠠᠨ ᠠᠴᠠ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠤᠤᠱᠯᠠᠭᠤᠯᠬᠤ ᠲᠠᠯ᠎ᠠ ᠪᠠᠷ ᠬᠢ ᠰᠡᠳᠬᠢᠭᠳᠡᠯ᠂ | ᠣᠶᠢᠯᠠᠭᠠᠯᠲᠠ ᠪᠠᠨ ᠶᠠᠷᠢᠵᠤ᠂ ᠦᠨᠳᠦᠰᠦᠨ ᠱᠠᠲᠤᠨ ᠤ ᠤᠰᠤᠨ ᠠᠰᠢᠭᠯᠠᠯᠲᠠ ᠶᠢᠨ ᠺᠠᠳ᠋ᠷ ᠠᠵᠢᠯᠲᠠᠨ ᠲᠤ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠴᠢᠬᠤᠯᠠ ᠠᠴᠢ | ᠬᠤᠯᠪᠣᠭᠳᠠᠯ ᠢ ᠤᠯᠠᠮ ᠨᠢᠭᠡ ᠠᠯᠬᠤᠮ ᠣᠶᠢᠯᠠᠭᠠᠭᠤᠯᠬᠤ ᠶᠢᠨ ᠬᠠᠮᠲᠤ ︽ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠢ ᠰᠤᠷᠤᠯᠴᠠᠨ ᠲᠤᠤᠱᠯᠠᠭᠤᠯᠬᠤ︾ ᠮᠡᠳᠡᠯᠭᠡ ᠶᠢᠨ ᠱᠠᠩᠨᠠᠯᠲᠤ ᠤᠷᠤᠯᠳᠤᠭᠠᠨ ᠢ ᠬᠢᠵᠦ᠂ ᠲᠦᠷᠭᠡᠨ ᠪᠦᠭᠡᠳ | ᠵᠥᠪ ᠬᠠᠷᠢᠭᠤᠯᠤᠭᠰᠠᠨ ᠺᠠᠳ᠋ᠷ ᠠᠵᠢᠯᠲᠠᠨ ᠢ ᠱᠠᠩᠨᠠᠨ ᠬᠥᠬᠢᠭᠦᠯᠪᠡ᠃ | ᠲᠤᠰ ᠠᠵᠢᠯᠯᠠᠭ᠎ᠠ ᠨᠢ ᠬᠠᠮᠲᠤ ᠠᠵᠢᠯᠯᠠᠭᠰᠠᠳ ᠤᠨ ᠬᠤᠭᠤᠷᠣᠨᠳᠤᠬᠢ ᠨᠥᠬᠦᠷᠯᠡᠯ ᠢ ᠵᠤᠵᠠᠭᠠᠳᠬᠠᠬᠤ ᠪᠠᠷ ᠥᠯᠥ | ᠪᠠᠷᠠᠨ ᠳᠠᠶᠠᠭᠠᠷ ᠤᠨ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠠᠵᠢᠯᠳᠠᠳ ᠤᠨ ᠪᠦᠯᠬᠦᠮᠳᠡᠨ | ᠨᠢᠭᠡᠳᠴᠦ ᠬᠠᠮᠲᠤᠷᠠᠨ ᠠᠵᠢᠯᠯᠠᠬᠤ ᠴᠢᠳᠠᠪᠤᠷᠢ ᠶᠢ ᠤᠯᠠᠮ ᠨᠡᠮᠡᠭᠳᠡᠭᠦᠯᠵᠤ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ | ᠶᠢᠨ ᠲᠣᠭᠲᠠᠭᠤᠨ ᠬᠦᠭᠵᠢᠯᠲᠡ ᠶᠢᠨ ᠦᠢᠯᠡᠰ ᠲᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃ |