ᠭᠦᠬᠡᠲᠤᠯᠤᠭᠠᠢ ᠭᠠᠴᠠᠭᠠᠨ ᠤ ᠮᠠᠯᠴᠢᠳ ᠴᠠᠬᠢᠷᠮᠠᠲᠤ ᠨᠤᠲᠤᠭ ᠤᠨ ᠠᠳᠣᠭᠤᠨ ᠰᠣᠶᠣᠯ ᠤᠨ ᠨᠠᠶᠢᠷ ᠬᠢᠪᠡ
ᠨᠡᠶᠢᠲᠡᠯᠡᠭᠰᠡᠨ ᠴᠠᠭ᠄
2018-06-08
      ᠤᠶᠢᠷ᠎ᠠ ᠶᠢᠨ ᠡᠳᠣᠷ᠂ ᠭᠠᠯᠠᠭᠤᠲᠤ ᠪᠠᠯᠭᠠᠰᠤᠨ ᠤ ᠬᠦᠬᠡᠳᠣᠯᠣᠭᠠᠢ ᠭᠠᠴᠠᠭᠠᠨ ᠤ ᠮᠠᠯᠴᠢᠳ ᠴᠠᠬᠢᠷᠮ᠎ᠠ ᠴᠡᠴᠡᠭ ᠮᠢᠷᠠᠯᠵᠡᠨ ᠳᠡᠯᠭᠡᠷᠡᠭᠰᠡᠨ ᠣᠮᠪᠣᠢ ᠶᠢᠨ ᠴᠡᠶᠢᠳᠡᠮ ᠳᠡᠭᠡᠷ᠎ᠡ ᠠᠳᠣᠭᠤᠨ ᠰᠣᠶᠣᠯ ᠤᠨ ᠨᠠᠶᠢᠷ ᠬᠢᠵᠦ᠂ ᠬᠦᠮᠣᠨ ᠪᠠᠶᠢᠭᠠᠯᠢ᠂ ᠠᠮᠢ ᠠᠬᠤᠢ ᠡᠶ᠎ᠡ ᠵᠣᠬᠢᠴᠠᠯ ᠲᠠᠢ ᠬᠦᠳᠡᠭᠡ ᠨᠣᠳᠤᠭ ᠢᠶᠠᠨ ᠭᠠᠶᠢᠬᠠᠭᠤᠯᠣᠯ᠎ᠠ᠃      ᠲᠤᠰ ᠡᠳᠣᠷ ᠬᠦᠳᠡᠭᠡ ᠨᠤᠲᠤᠭ ᠤᠨ ᠭᠤᠶᠢᠳᠡ ᠦᠵᠡᠮᠵᠢ ᠪᠠᠨ ᠭᠠᠶᠢᠬᠠᠭᠤᠯᠣᠭᠰᠠᠨ ᠭᠠᠯᠠᠭᠤᠲᠤ ᠪᠠᠯᠭᠠᠰᠤᠨ  ᠤ ᠭᠦᠬᠡᠲᠤᠯᠤᠭᠠᠢ ᠭᠠᠴᠠᠭᠠᠨ ᠤ ᠬᠤᠶᠠᠷ ᠳᠦᠮᠡ ᠭᠠᠷᠣᠢ ᠮᠣ᠋ ᠶᠢᠨ ᠴᠡᠬᠢᠷᠮ᠎ᠠ ᠶᠢᠨ ᠴᠡᠴᠡᠭ ᠮᠢᠷᠠᠯᠵᠠᠨ ᠳᠡᠯᠭᠡᠷᠡᠭᠰᠡᠨ ᠣᠮᠪᠣᠢ ᠶᠢᠨ ᠴᠡᠶᠢᠳᠡᠮ ᠲᠡᠭᠡᠷ᠎ᠡ ᠣᠮᠪᠣᠢ ᠮᠠᠯᠵᠢᠯ ᠤᠨ ᠬᠤᠷᠰᠢᠶᠠᠨ ᠤ ᠮᠠᠯᠴᠢᠳ ᠪᠦᠭᠦᠳᠡᠭᠡᠷ ᠢᠶᠠᠨ ᠮᠤᠩᠭᠤᠯ ᠲᠡᠷᠯᠢᠭ  ᠢᠶᠠᠷ ᠢᠶᠠᠨ ᠭᠤᠶᠤᠯᠠᠵᠤ ᠠᠳᠣᠭᠤᠨ ᠰᠣᠶᠣᠯ ᠤᠨ ᠨᠠᠶᠢᠷ ᠡᠷᠬᠢᠯᠡᠨ ᠬᠢᠵᠣ ᠤᠶᠠᠭᠠᠴᠢᠳ ᠬᠤᠭᠤᠷᠤᠨᠳᠤ ᠪᠠᠨ ᠵᠢᠷᠤᠭ᠎ᠠ ᠮᠣᠷᠢᠨ ᠤ ᠲᠤᠬᠠᠢ ᠲᠤᠷᠰᠢᠯᠭ᠎ᠠ ᠰᠤᠷᠭᠠᠮᠵᠢ ᠪᠠᠨ ᠰᠣᠯᠢᠯᠴᠠᠯ᠎ᠠ᠃      ᠣᠳᠣᠬᠠᠨ ᠳᠤ ᠮᠠᠨ ᠤ ᠬᠤᠰᠢᠭᠤᠨ ᠤ ᠪᠠᠶᠢᠭᠠᠯᠢᠯᠢᠭ ᠴᠠᠬᠢᠷᠮ᠎ᠠ ᠴᠡᠴᠡᠭ ᠤᠨ ᠲᠠᠯᠠᠪᠡᠢ ᠨᠢ 50 ᠭᠠᠷᠣᠢ ᠲᠦᠮᠡᠨ ᠮᠣ᠋ ᠬᠦᠷᠴᠦ ᠵᠢᠷᠭᠤᠭᠠᠨ ᠰᠣᠮᠣ ᠪᠠᠯᠭᠠᠰᠤ ᠪᠠᠷ ᠲᠠᠷᠬᠠᠨ ᠣᠷᠭᠤᠵᠣ ᠦᠣᠰᠢᠨ ᠨᠣᠳᠤᠭ ᠤᠨ ᠦᠡᠭᠬᠡ ᠦᠵᠡᠮᠵᠢ ᠶᠢ ᠴᠢᠮᠡᠭᠯᠡᠵᠣ ᠪᠠᠶᠢᠳᠠᠭ᠃ ᠮᠠᠨ ᠤ ᠬᠤᠰᠢᠭᠤᠨ ᠤ ᠮᠠᠯᠴᠢᠳ ᠨᠣᠳᠤᠭ ᠣᠰᠣᠨ ᠤ ᠣᠨᠴᠠᠯᠢᠭᠳᠣ ᠦᠡᠭᠬᠡ ᠦᠵᠡᠮᠵᠢ ᠳᠤ ᠪᠠᠨ ᠳᠦᠰᠢᠭᠯᠡᠨ ᠠᠳᠣᠭᠤᠨ ᠰᠣᠶᠣᠯ ᠤᠨ ᠨᠠᠶᠢᠷ᠂ ᠮᠠᠯᠴᠢᠳ ᠤᠨ ᠨᠠᠭᠠᠳᠣᠮ ᠵᠡᠷᠭᠡ ᠶᠢ ᠡᠷᠬᠢᠯᠡᠨ ᠬᠢᠵᠣ ᠬᠦᠳᠡᠭᠡ ᠨᠣᠳᠤᠭ ᠢᠶᠠᠨ ᠣᠯᠡᠨ ᠳᠦᠮᠡᠨ ᠳᠤ ᠲᠠᠨᠢᠯᠴᠠᠭᠤᠯᠣᠨ ᠭᠠᠶᠢᠬᠠᠭᠤᠯᠬᠤ ᠶᠢᠨ ᠬᠠᠮᠳᠣ ᠬᠦᠳᠡᠭᠡ ᠨᠣᠳᠤᠭ ᠤᠨ ᠵᠣᠭᠠᠴᠠᠯ ᠢ ᠬᠦᠭᠵᠢᠬᠦᠯᠬᠦ ᠳᠤ ᠰᠠᠭᠤᠷᠢ ᠲᠠᠯᠪᠢᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号