ᠶᠡᠭᠡ ᠲᠡᠭᠡᠳᠤ ᠰᠤᠷᠭᠠᠭᠤᠯᠢ ᠳᠤ ᠰᠤᠷᠤᠭᠴᠢ ᠡᠯᠰᠡᠭᠦ ᠰᠢᠯᠭᠠᠯᠳᠠ ᠭᠥᠷᠴᠤ ᠢᠷᠠᠭᠦ ᠪᠠᠷ 6 ᠰᠠᠷ᠎ᠠ ᠶᠢᠨ 6 ᠤ | ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ | ᠡᠷᠭᠢᠯᠡᠭᠴᠢ ᠡᠾᠧ ᠤᠯᠠᠭᠠᠨ᠂ ᠬᠤᠰᠢᠭᠤ ᠲᠠᠳ᠋ ᠲᠠᠷᠤᠭ᠎ᠠ ᠪᠠᠶᠠᠠᠴᠢᠮᠡᠭ ᠵᠢᠴᠢ ᠬᠤᠰᠢᠭᠤ ᠰᠤᠷᠭᠠᠨ ᠭᠥᠮᠤᠵᠢᠯ ᠤᠨ | ᠲᠤᠪᠴᠢᠶ᠎ᠠ᠂ ᠲᠤᠳᠤᠭᠠᠳᠤ ᠶᠢ ᠬᠠᠮᠭᠠᠯᠠᠬᠤ ᠵᠠᠷᠭᠡ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ ᠬᠤᠰᠢᠭᠤ | ᠥᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠳᠤ ᠭᠥᠷᠴᠤ᠂ ᠶᠡᠭᠡ ᠲᠡᠭᠡᠳᠤ ᠰᠤᠷᠭᠠᠭᠤᠯᠢ ᠳᠤ ᠰᠢᠯᠭᠠᠭᠤᠯᠬᠤ | ᠰᠢᠯᠭᠠᠯᠳᠠ ᠶᠢᠨ ᠪᠡᠯᠡᠳᠭᠡᠯ ᠪᠠᠶᠢᠳᠠᠯ᠂ ᠰᠢᠯᠭᠠᠯᠳᠠ ᠶᠢᠨ ᠲᠠᠯᠠᠪᠤᠷ᠂ ᠰᠢᠯᠭᠠᠯᠳᠠ ᠶᠢᠨ ᠶᠠᠪᠤᠳᠠᠯ ᠵᠡᠷᠭᠡ ᠳᠤ | ᠪᠠᠶᠢᠴᠠᠭᠠᠯᠳᠠ ᠭᠢᠭᠰᠡᠨ ᠪᠠᠶᠢᠨ᠎ᠠ᠃ | ᠪᠠᠶᠢᠴᠠᠭᠠᠯᠳᠠ ᠶᠢᠨ ᠲᠤᠭᠤᠶᠢᠯᠠᠩ ᠤᠨ ᠬᠢᠨ ᠤᠷᠢᠳ ᠬᠤᠵᠢᠳ᠂ ᠰᠢᠯᠭᠠᠯᠳᠠ ᠶᠢᠨ ᠲᠠᠯᠠᠪᠤᠷ ᠤᠨ | ᠲᠥᠯᠥᠪᠯᠡᠭᠡ ᠵᠢᠷᠤᠭ᠂ ᠬᠠᠷᠠᠭᠠᠨ ᠲᠠᠪᠳᠠᠮᠵᠢ ᠶᠢᠨ ᠰᠢᠯᠭᠠᠯᠳᠠ ᠪᠠᠶᠢᠴᠠᠭᠠᠬᠤ ᠭᠠᠵᠠᠷ᠂ ᠰᠢᠯᠭᠠᠯᠳᠠ ᠶᠢᠨ ᠲᠠᠯᠠᠪᠤᠷ | ᠵᠡᠷᠭᠡ ᠶᠢ ᠪᠠᠶᠢᠴᠠᠭᠠᠨ ᠥᠵᠠᠭᠦ ᠶᠢᠨ ᠬᠠᠮᠳᠤ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠤ | ᠬᠠᠷᠢᠭᠤ ᠮᠡᠳᠡᠭᠦᠯᠥᠯᠳᠠ ᠶᠢ ᠰᠤᠨᠤᠰᠴᠤ ᠠᠮᠤᠷ ᠲᠥᠪᠰᠢᠨ ᠨᠢᠭᠤᠴᠠ ᠶᠢ ᠬᠠᠮᠭᠠᠯᠠᠬᠤ ᠠᠷᠭ᠎ᠠ ᠭᠡᠮᠵᠢᠶ᠎ᠠ᠂ ᠭᠡᠨᠡᠳᠳᠠ | ᠡᠭᠦᠰᠭᠦ ᠭᠡᠷᠡᠭ ᠤᠨ ᠪᠠᠴᠢᠮ ᠰᠢᠢᠳᠪᠦᠷᠢᠯᠡᠯᠳᠡ᠂ ᠵᠠᠮ ᠬᠠᠷᠢᠯᠴᠠᠭᠠᠨ ᠤ ᠨᠠᠪᠳᠡᠷᠡᠯᠭᠡ᠂ ᠴᠠᠭᠢᠯᠭᠠᠨ ᠬᠠᠩᠭᠠᠯᠳᠠ᠂ | ᠤᠶᠢᠷ᠎ᠠ ᠬᠠᠪᠢ ᠶᠢᠨ ᠤᠷᠴᠢᠨ ᠲᠤᠭᠤᠷᠢᠨ ᠵᠡᠷᠭᠡ ᠶᠢᠨ ᠪᠠᠶᠢᠳᠠᠯ ᠢ ᠨᠠᠷᠢᠨ ᠪᠠᠶᠢᠴᠠᠭᠠᠨ ᠣᠶᠢᠯᠠᠭᠠᠭᠰᠠᠨ ᠪᠠᠶᠢᠨ᠎ᠠ᠃ | ᠪᠠᠶᠠᠠᠴᠢᠮᠡᠭ ᠴᠢᠬᠤᠯᠠᠴᠢᠯᠠᠬᠤ ᠳᠤ ᠪᠠᠨ᠂ ᠡᠯ᠎ᠠ ᠬᠤᠯᠪᠤᠭᠳᠠᠯ ᠪᠥᠭᠦᠢ ᠪᠠᠶᠢᠭᠤᠯᠭ᠎ᠠ ᠨᠢᠭᠡᠴᠢ ᠪᠠᠴᠢᠮ ᠪᠠᠶᠢᠳᠠᠯ | ᠢ ᠰᠢᠢᠳᠪᠦᠷᠢᠯᠡᠬᠦ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠡᠯ᠎ᠠ ᠲᠥᠷᠥᠯ ᠤᠨ ᠠᠵᠢᠯ ᠢ ᠰᠢᠨᠵᠢᠯᠠᠭᠦ | ᠤᠬᠠᠭᠠᠨᠴᠢ ᠪᠠᠷ ᠡᠮᠭᠢ ᠴᠡᠭᠴᠠ ᠲᠠᠢ ᠲᠤᠭᠢᠷᠠᠭᠤᠯᠵᠤ᠂ ᠰᠢᠯᠭᠠᠭᠤᠯᠤᠭᠰᠠᠳ ᠲᠤ ᠪᠥᠭᠦ ᠲᠠᠯ᠎ᠠ ᠶᠢᠨ ᠰᠢᠯᠢᠳᠡᠭ | ᠥᠢᠯᠡᠴᠢᠯᠡᠭᠡ ᠬᠠᠩᠭᠠᠨ᠂ ᠠᠮᠤᠷ ᠲᠥᠪᠰᠢᠨ᠂ ᠡᠮᠭᠢ ᠵᠢᠷᠤᠮ ᠲᠠᠢ᠂ ᠡᠶ᠎ᠡ ᠵᠤᠭᠢᠴᠠᠯ ᠲᠠᠢ᠂ ᠲᠤᠭᠳᠠᠭᠤᠨ᠂ ᠨᠠᠮ | ᠰᠠᠯᠠᠭᠦᠨ ᠰᠠᠶᠢᠨ ᠰᠠᠶᠢᠬᠠᠨ ᠰᠢᠯᠭᠠᠯᠳᠠ ᠶᠢᠨ ᠤᠷᠴᠢᠨ ᠢ ᠡᠭᠦᠳᠴᠤ᠂ ᠰᠢᠯᠭᠠᠯᠳᠠ ᠶᠢᠨ ᠤᠷᠤᠭᠰᠢᠳᠠᠢ ᠶᠠᠪᠤᠭᠳᠠᠬᠤ | ᠶᠢ ᠪᠠᠳᠤᠯᠠᠬᠤ ᠭᠡᠷᠡᠭᠳᠠᠢ ᠭᠡᠵᠡᠢ᠃ |