ᠬᠤᠰᠢᠭᠤ ᠠᠷᠠᠳ ᠤᠨ ᠵᠠᠰᠠᠭ ᠤᠨ ᠤᠷᠳᠤᠨ 2018 ᠤᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-06-08
     6 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ᠂ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠠᠷᠠᠳ ᠤᠨ ᠵᠠᠰᠠᠭ ᠤᠨ ᠤᠷᠳᠤᠨ ᠤ 2018 ᠤᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠢ ᠡᠷᠭᠢᠯᠠᠨ ᠬᠤᠷᠠᠯᠳᠤᠭᠤᠯᠤᠭᠰᠠᠨ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ᠂ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠵᠠᠩ ᡁᠢ ᠰᠢᠥ᠋ᠩ᠂ ᠬᠤᠰᠢᠭᠤ ᠤᠳᠤᠷᠢᠳᠤᠯᠭ᠎ᠠ ᠭᠤᠤ ᠬᠤ᠋᠂ ᠵᠸᠤ ᠱᠤᠸᠠᠢ᠂ ᠪᠠᠶᠠᠨᠴᠡᠩᠬᠡᠯ ᠪᠤᠯᠤᠨ ᠰᠤᠪᠤᠷᠭ᠎ᠠ ᠠᠵᠤ ᠠᠬᠤᠢ  ᠶᠢᠨ ᠨᠡᠭᠡᠭᠡᠯᠳᠠ ᠶᠢᠨ ᠤᠷᠤᠨ᠂ ᠨᠠᠷᠢᠠᠭᠤᠤᠯ ᠠᠵᠤ ᠥᠢᠯᠡᠳᠪᠤᠷᠢ ᠶᠢᠨ ᠭᠥᠷᠢᠶᠠᠯᠠᠩ ᠲᠤᠭᠤᠷᠢᠭ᠂ ᠬᠤᠰᠢᠭᠤ ᠵᠠᠰᠠᠭ  ᠤᠨ ᠤᠷᠳᠤᠨ ᠤ ᠠᠯᠪᠠᠨ ᠭᠡᠷ᠂ ᠡᠳ᠋ ᠤᠨ ᠵᠠᠰᠠᠭ ᠤᠨ ᠲᠤᠪᠴᠢᠶ᠎ᠠ᠂ ᠡᠯ᠎ᠠ ᠰᠤᠮᠤ ᠪᠠᠯᠭᠠᠰᠤ ᠵᠡᠷᠭᠡ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃      ᠴᠢᠶᠤᠤ ᠶᠥᠨ ᠯᠢ ᠬᠤᠷᠠᠯ ᠲᠡᠭᠡᠷ᠎ᠠ ᠴᠢᠬᠤᠯᠠᠴᠢᠯᠠᠬᠤ ᠳᠤ ᠪᠠᠨ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠭᠢᠭᠦ ᠪᠤᠯ ᠴᠢᠨᠡᠭᠡᠯᠢᠭ ᠨᠠᠶᠢᠭᠡᠮ ᠢ ᠪᠥᠭᠦ ᠲᠠᠯ᠎ᠠ ᠪᠠᠷ ᠪᠠᠶᠠᠯᠠᠭᠦᠯᠭᠦ ᠰᠢᠢᠳᠪᠦᠷᠢᠳᠤ ᠢᠯᠠᠯᠳᠠ ᠶᠢ ᠤᠯᠬᠤ ᠵᠠᠮ ᠲᠡᠭᠡᠷᠡᠭᠢ ᠵᠠᠪᠠᠯ ᠢᠯᠠᠬᠤ ᠲᠠᠶᠢᠯᠠᠯᠳᠤᠭᠠᠨ ᠪᠤᠯᠤᠨ᠎ᠠ᠃ ᠥᠵᠠᠯ ᠰᠠᠨᠠᠭ᠎ᠠ ᠲᠠᠨᠢᠯᠳᠠ ᠪᠤᠯᠤᠨ ᠤᠯᠤᠰ ᠲᠥᠷᠥ ᠶᠢᠨ ᠵᠤᠭᠰᠤᠴᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠭᠢᠭᠦ ᠶᠢᠨ ᠴᠢᠬᠤᠯᠠ ᠴᠢᠨᠠᠷ ᠪᠤᠯᠤᠨ ᠪᠠᠴᠢᠮ ᠲᠤᠯᠭᠠᠮ᠎ᠠ ᠴᠢᠨᠠᠷ ᠢᠶᠠᠨ ᠲᠡᠭᠡᠭᠰᠢᠯᠡᠭᠦᠯᠵᠤ᠂ ᠥᠵᠠᠯ ᠰᠠᠨᠠᠭ᠎ᠠ ᠥᠢᠯᠠ ᠠᠵᠢᠯᠯᠠᠭ᠎ᠠ ᠪᠠᠨ ᠲᠥᠪ᠂ ᠥᠪᠡᠷᠳᠡᠭᠡᠨ ᠵᠠᠰᠠᠬᠤ ᠤᠷᠤᠨ᠂ ᠬᠤᠳᠠ  ᠶᠢᠨ ᠨᠠᠮ ᠤᠨ ᠬᠤᠷᠢᠶ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠦ ᠪᠠᠶᠢᠷᠢᠯᠠᠭᠤᠯᠤᠯᠳᠠ ᠲᠡᠭᠡᠷ᠎ᠡ ᠨᠢᠭᠡᠳᠭᠡᠨ᠂ ᠭᠥᠴᠤᠨ ᠢᠶᠠᠨ ᠲᠥᠪᠯᠡᠷᠡᠭᠦᠯᠤᠨ ᠰᠠᠳᠭᠢᠯ ᠢᠶᠠᠨ ᠨᠢᠭᠡᠳᠤᠭᠦᠯᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠯᠠᠪᠳᠠᠢ ᠢᠯᠠᠬᠤ ᠭᠡᠷᠡᠭᠳᠠᠢ᠃ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠲᠠᠷᠢᠭᠢ ᠲᠤᠯᠤᠭᠠᠢ ᠪᠠᠨ ᠰᠡᠷᠭᠡᠭ ᠪᠠᠶᠢᠯᠭᠠᠨ ᠬᠠᠷᠠᠯᠳᠠ ᠪᠠᠨ ᠲᠤᠳᠤᠳᠬᠠᠨ ᠡᠭᠦᠷᠭᠡ ᠪᠠᠨ ᠲᠤᠳᠤᠷᠬᠠᠶᠢᠯᠠᠵᠤ᠂ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠠᠷᠭ᠎ᠠ ᠪᠠᠷᠢᠯ ᠤᠨ ᠰᠢᠨ᠎ᠠ ᠶᠢ ᠡᠭᠦᠳᠴᠤ᠂ ᠲᠤᠪᠤᠶᠢᠮ᠎ᠠ ᠠᠰᠠᠭᠤᠳᠠᠯ ᠳᠤ ᠴᠢᠭᠯᠡᠭᠦᠯᠤᠨ᠂ ᠺᠠᠳ᠋ᠷ ᠤᠨ ᠭᠥᠮᠤᠵᠢᠯ ᠪᠤᠯᠪᠠᠰᠤᠷᠠᠯ ᠢ ᠴᠢᠩᠭᠠᠳᠬᠠᠨ᠂ ᠠᠵᠢᠯ ᠤᠨ ᠥᠷ᠎ᠠ ᠪᠥᠳᠥᠮᠵᠢ ᠶᠢ ᠥᠨᠠᠠᠭᠦ ᠲᠡᠭᠡᠭᠰᠢᠯᠡᠭᠦᠯᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠭᠢᠭᠦ ᠭᠡᠷᠡᠭᠳᠠᠢ᠃ ᠵᠠᠰᠠᠭ  ᠤᠨ ᠤᠷᠳᠤᠨ ᠤ ᠥᠷᠢ ᠥᠭᠴᠡᠭᠡ ᠶᠢ ᠨᠠᠮᠳᠠᠭᠤᠯᠬᠤ ᠶᠢ ᠠᠭᠢᠭᠤᠯᠤᠨ᠂ ᠠᠵᠢᠯ ᠤᠨ ᠬᠠᠷᠠᠯᠳᠠ ᠪᠠᠨ ᠨᠠᠷᠢᠯᠢᠭᠵᠢᠭᠤᠯᠵᠤ᠂ ᠠᠷᠭ᠎ᠠ ᠭᠡᠯᠪᠠᠷᠢ ᠶᠢᠨ ᠰᠢᠨ᠎ᠠ ᠶᠢ ᠡᠭᠦᠳᠴᠤ᠂ ᠠᠵᠢᠯ ᠤᠨ ᠠᠭᠢᠴᠠ ᠶᠢ ᠲᠥᠷᠭᠡᠳᠭᠡᠭᠦ ᠭᠡᠷᠡᠭᠳᠠᠢ ᠃ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠢ ᠯᠠᠪᠳᠠᠭᠤᠨ ᠠᠭᠢᠭᠤᠯᠵᠤ᠂ ᠤᠯᠤᠰ ᠤᠨ ᠶᠠᠳᠠᠭᠤ ᠶᠢ ᠲᠠᠳᠭᠦᠭᠦ ᠲᠥᠷᠥ ᠶᠢᠨ ᠪᠤᠳᠤᠯᠭ᠎ᠠ ᠶᠢ ᠭᠢᠨᠠᠮᠠᠭᠠᠢ ᠰᠤᠷᠤᠯᠴᠠᠵᠤ᠂ ᠶᠡᠭᠡ ᠪᠠᠶᠢᠴᠠᠭᠠᠯᠳᠠ ᠴᠡᠭᠴᠡᠯᠠᠯᠳᠠ  ᠠᠴᠠ ᠢᠯᠡᠷᠡᠭᠦᠯᠥᠭᠰᠠᠨ ᠠᠰᠠᠭᠤᠳᠠᠯ ᠳᠤ ᠴᠠᠭ ᠲᠠᠷᠤᠢ ᠳᠤ ᠨᠢ ᠵᠠᠰᠠᠨ ᠴᠡᠭᠴᠡᠯᠡᠯᠳᠠ ᠭᠢᠵᠤ᠂ ᠰᠠᠷᠭᠡᠶᠢᠯᠠᠭᠦ ᠪᠠ ᠴᠡᠭᠴᠡᠯᠡᠯᠳᠠ ᠭᠢᠭᠦ ᠤᠷᠳᠤ ᠬᠤᠭᠤᠴᠭᠠᠨ ᠤ ᠲᠤᠭᠳᠠᠯᠴᠠᠭ᠎ᠠ ᠶᠢ ᠪᠠᠶᠢᠭᠤᠯᠤᠨ᠂ ᠠᠰᠠᠭᠤᠨ ᠰᠤᠷᠪᠤᠯᠵᠢᠯᠠᠭ᠎ᠠ ᠭᠢᠭᠦ ᠡᠷᠭᠢᠵᠤ ᠬᠠᠷᠠᠬᠤ ᠶᠢ ᠥᠷᠨᠢᠭᠦᠯᠭᠦ ᠪᠠᠷ ᠲᠠᠮᠵᠢᠭᠤᠯᠤᠨ᠂ ᠤᠯᠠᠨ ᠲᠥᠮᠡᠨ ᠤ ᠭᠥᠰᠡᠯ ᠡᠷᠡᠮᠠᠯᠵᠠᠯ ᠢ ᠣᠶᠢᠯᠠᠭᠠᠨ᠂ ᠨᠠᠩ ᠪᠤᠳᠠᠳᠠᠢ ᠠᠵᠢᠯ ᠤᠨ ᠰᠤᠷᠳᠠᠯ᠂ ᠨᠠᠩ ᠭᠥᠴᠥᠳᠠᠢ ᠠᠵᠢᠯ ᠤᠨ ᠠᠷᠭ᠎ᠠ ᠪᠠᠷᠢᠯ ᠢᠶᠠᠷ ᠨᠠᠷᠢᠯᠢᠭ ᠤᠨᠤᠪᠴᠢᠳᠠᠢ ᠶᠠᠳᠠᠭᠤ ᠶᠢ ᠲᠠᠳᠭᠦᠭᠦ ᠶᠠᠳᠠᠭᠤ ᠠᠴᠠ ᠠᠩᠭᠢᠵᠢᠷᠠᠭᠤᠯᠬᠤ ᠶᠢ ᠠᠭᠢᠭᠤᠯᠤᠨ᠂ ᠤᠯᠠᠨ ᠲᠥᠮᠡᠨ ᠤ ᠥᠨᠠᠠᠭᠦ ᠬᠠᠨᠤᠮᠵᠢᠳᠠᠢ ᠪᠠᠶᠢᠬᠤ ᠶᠢ ᠪᠠᠳᠤᠯᠠᠬᠤ ᠭᠡᠷᠡᠭᠳᠠᠢ᠃ ᠰᠢ ᠶᠢᠨ ᠫᠢᠩ ᠶᠠᠷᠤᠩᠭᠡᠢ ᠱᠥᠵᠢ ᠪᠤᠯᠤᠨ ᠯᠢ ᠺᠧ ᠴᠢᠶᠠᠩ ᠶᠠᠷᠤᠩᠭᠡᠢ ᠰᠠᠶᠢᠳ ᠤᠨ ᠪᠥᠭᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠲᠡᠭᠡᠷᠡᠭᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠢᠨᠠᠮᠭᠠᠢ ᠰᠤᠷᠤᠯᠴᠠᠨ ᠲᠤᠤᠱᠯᠠᠭᠤᠯᠵᠤ᠂ ᠲᠥᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ︽ᠡᠷᠭᠢᠵᠤ ᠬᠠᠷᠠᠬᠤ︾ ᠶᠢ ᠤᠭᠳᠤᠬᠤ ᠡᠯ᠎ᠠ ᠲᠥᠷᠥᠯ ᠤᠨ ᠪᠡᠯᠡᠳᠭᠡᠯ ᠠᠵᠢᠯ ᠢ ᠪᠥᠭᠦ ᠭᠥᠴᠤᠨ ᠢᠶᠠᠷ ᠢᠶᠠᠨ ᠰᠠᠶᠢᠨ ᠭᠢᠵᠤ᠂ ᠬᠠᠷᠢᠭᠤ ᠲᠤᠰᠬᠠᠭᠰᠠᠨ ᠠᠰᠠᠭᠤᠳᠠᠯ  ᠢ ᠴᠠᠭ ᠲᠠᠷᠤᠢ ᠳᠤ ᠨᠢ ᠵᠠᠰᠠᠨ ᠵᠠᠯᠠᠷᠠᠭᠤᠯᠵᠤ᠂ ᠳᠠᠩᠰᠠ ᠡᠪᠬᠡᠮᠡᠯ ᠮᠠᠲ᠋ᠧᠷᠢᠶᠠᠯ ᠢ ᠲᠠᠭᠦᠯᠳᠡᠷᠵᠢᠭᠦᠯᠵᠤ᠂ ᠴᠡᠭᠴᠡᠯᠠᠨ ᠰᠠᠶᠢᠵᠢᠷᠠᠭᠤᠯᠤᠭᠰᠠᠨ ᠠᠰᠠᠭᠤᠳᠠᠯ ᠳᠤ ᠲᠠᠭᠢᠨ ᠪᠠᠶᠢᠴᠠᠭᠠᠯᠳᠠ ᠭᠢᠵᠤ᠂ ᠲᠤᠳᠠᠭᠤ ᠶᠢ ᠨᠢ ᠨᠥᠭᠦᠪᠤᠷᠢᠯᠠᠨ᠂ ᠱᠠᠭᠠᠷᠳᠠᠯᠭ᠎ᠠ ᠶᠤᠰᠤᠭᠠᠷ  ᠵᠠᠰᠠᠨ ᠴᠡᠭᠴᠡᠯᠡᠯᠳᠠ ᠭᠢᠭᠦ ᠶᠢ ᠪᠠᠳᠤᠯᠠᠬᠤ ᠭᠡᠷᠡᠭᠳᠠᠢ ᠭᠡᠵᠡᠢ᠃      ᠴᠢᠶᠤᠤ ᠶᠥᠨ ᠯᠢ ᠱᠭᠠᠷᠳᠠᠬᠤ ᠳᠤ ᠪᠠᠨ᠂ ᠰᠢᠶᠠᠨ ᠤ ᠲᠠᠰ ᠤᠨ ᠤᠳᠤᠷᠢᠳᠤᠯᠭ᠎ᠠ ᠬᠤᠯᠪᠤᠭᠠᠯᠠᠨ ᠲᠠᠶᠢᠴᠢᠯᠠᠵᠤ ᠲᠤᠮᠤ ᠴᠢᠬᠤᠯᠠ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢ ᠠᠭᠢᠭᠤᠯᠬᠤ ᠬᠠᠷᠢᠭᠤᠴᠠᠯᠭ᠎ᠠ  ᠶᠢᠨ ᠲᠥᠷᠢᠮ ᠢ ᠭᠡᠷᠡᠭᠵᠢᠭᠦᠯᠵᠤ᠂ ᠲᠥᠷᠥᠯ ᠵᠥᠢᠯ ᠤᠨ ᠪᠠᠷᠢᠯᠭ᠎ᠠ ᠶᠢᠨ ᠴᠢᠬᠤᠯᠠ ᠴᠠᠭ ᠬᠤᠭᠤᠴᠠᠭ᠎ᠠ ᠶᠢ ᠡᠵᠡᠮᠳᠠᠨ᠂ ᠵᠤᠭᠢᠴᠠᠭᠤᠯᠤᠨ ᠲᠤᠭᠢᠷᠠᠭᠤᠯᠬᠤ ᠥᠢᠯᠡᠴᠢᠯᠡᠭᠡ ᠶᠢ ᠰᠠᠶᠢᠨ ᠭᠢᠵᠤ᠂ ᠲᠥᠷᠥᠯ ᠵᠥᠢᠯ ᠤᠨ ᠪᠠᠷᠢᠯᠭ᠎ᠠ ᠪᠠᠨ ᠡᠷᠳᠡᠭᠡᠨ ᠡᠭᠢᠯᠠᠭᠦᠯᠭᠦ ᠶᠢ ᠪᠠᠳᠤᠯᠠᠬᠤ ᠭᠡᠷᠡᠭᠳᠠᠢ᠃ ᠭᠠᠵᠠᠷ ᠰᠢᠷᠤᠢ ᠨᠤᠳᠤᠭ ᠪᠠᠯᠴᠢᠭᠡᠷ ᠤᠨ ᠡᠷᠭᠡ ᠶᠢ ᠲᠤᠳᠤᠳᠬᠠᠬᠤ ᠠᠵᠢᠯ  ᠤᠨ ᠠᠭᠢᠴᠠ ᠶᠢ ᠲᠥᠷᠭᠡᠳᠭᠡᠨ᠂ ᠲᠥᠷᠥ ᠶᠢᠨ ᠪᠤᠳᠤᠯᠭ᠎ᠠ ᠤᠬᠠᠭᠤᠯᠭ᠎ᠠ ᠶᠢ ᠰᠠᠶᠢᠳᠣᠷ ᠭᠢᠵᠤ᠂ ᠮᠠᠯᠴᠢᠨ ᠲᠠᠷᠢᠶᠠᠴᠢᠳ ᠤᠨ ᠡᠷᠡᠭᠡᠯᠵᠠᠯ ᠲᠠᠳᠠᠭᠠᠯᠵᠠᠯ ᠢ ᠥᠭᠡᠶᠢᠰᠭᠡᠨ ᠡᠷᠭᠡ ᠶᠢ ᠲᠤᠳᠤᠳᠬᠠᠬᠤ ᠠᠵᠢᠯ ᠳᠤ ᠪᠠᠳᠤ ᠪᠠᠭᠢ ᠰᠠᠭᠤᠷᠢ ᠲᠠᠯᠪᠢᠬᠤ ᠭᠡᠷᠡᠭᠳᠠᠢ ᠭᠡᠵᠡᠢ᠃      ᠬᠤᠷᠠᠯ ᠢᠶᠠᠷ᠂ ᠪᠥᠭᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠠᠵᠢᠯ  ᠤᠨ ᠠᠭᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠥᠯᠳᠠ ᠶᠢ ᠰᠤᠨᠤᠰᠴᠤ᠂ ᠤᠷᠴᠢᠮ ᠤᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ ᠬᠤᠷᠠᠯ ᠢᠶᠠᠷ ᠪᠠᠰᠠ ᠪᠤᠰᠤᠳ ᠶᠠᠪᠤᠳᠠᠯ ᠢ ᠰᠤᠳᠤᠯᠤᠨ ᠶᠠᠷᠢᠯᠴᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号