ᠮᠠᠨ ᠤ ᠬᠤᠰᠢᠭᠤ ︽ᠦᠵᠡᠰᠬᠦᠯᠡᠩᠲᠦ ᠰᠠᠶᠢᠬᠠᠨ ᠳᠤᠮᠳᠠᠳᠦ᠂ ᠪᠢ ᠪᠣᠯ ᠠᠵᠢᠯᠯᠠᠭᠴᠢ︾ ᠭᠤᠣᠯ ᠰᠡᠲᠦᠪᠲᠦ 6 ᠰᠠᠷ᠎ᠠ ᠶᠢᠨ 5 ᠤ ᠣᠷᠴᠢᠨ ᠲᠣᠭᠤᠷᠢᠨ ᠤ ᠡᠳᠦᠷ ᠤᠨ ᠲᠥᠪᠯᠡᠷᠡᠬᠦᠯᠦᠨ ᠤᠬᠠᠭᠤᠯᠬᠤ ᠠᠵᠢᠯᠯᠠᠭ᠎ᠠ ᠵᠢᠴᠢ ᠣᠷᠴᠢᠨ ᠲᠣᠭᠤᠷᠢᠨ ᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2018-06-08
     47 ᠳᠠᠬᠢ ᠳᠡᠯᠡᠬᠡᠢ ᠶᠢᠨ ᠣᠷᠴᠢᠨ ᠲᠣᠭᠤᠷᠢᠨ ᠤ ᠡᠳᠦᠷ ᠤᠨ ᠬᠦᠷᠴᠦ ᠢᠷᠡᠬᠦ ᠳᠠᠰᠢᠷᠠᠮ ᠢᠶᠠᠷ ᠮᠠᠨ ᠤ ᠬᠤᠰᠢᠭᠤ ᠰᠣᠪᠣᠷᠭ᠎ᠠ ᠠᠭᠤᠳᠠᠮ ᠲᠠᠯᠠᠪᠡᠢ ᠳᠤ ︽ᠦᠵᠡᠰᠬᠦᠯᠡᠩᠲᠦ ᠰᠠᠶᠢᠬᠠᠨ ᠳᠤᠮᠳᠠᠳᠦ᠂ ᠪᠢ ᠪᠣᠯ ᠠᠵᠢᠯᠯᠠᠭᠴᠢ︾ ᠭᠤᠣᠯ ᠰᠡᠲᠦᠪᠲᠦ 6 ᠰᠠᠷ᠎ᠠ ᠶᠢᠨ 5 ᠤ ᠣᠷᠴᠢᠨ ᠲᠣᠭᠤᠷᠢᠨ ᠤ ᠡᠳᠦᠷ ᠤᠨ ᠲᠥᠪᠯᠡᠷᠡᠬᠦᠯᠦᠨ ᠤᠬᠠᠭᠤᠯᠬᠤ ᠠᠵᠢᠯᠯᠠᠭ᠎ᠠ ᠵᠢᠴᠢ ᠣᠷᠴᠢᠨ ᠲᠣᠭᠤᠷᠢᠨ ᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠵᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠴᠢᠶᠣᠣ ᠶᠦᠨ ᠯᠢ᠂ ᠬᠤᠰᠢᠭᠤ ᠣᠯᠣᠰ ᠲᠦᠷᠥ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠣᠯᠣᠰ ᠲᠦᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠦ᠂ ᠬᠤᠰᠢᠭᠤ ᠨᠠᠮ ᠤᠨ ᠬᠤᠷᠢᠶᠠᠨ  ᠤ ᠪᠠᠶᠢᠩᠭᠤ ᠶᠢᠨ ᠬᠡᠰᠢᠬᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠤᠳᠤᠷᠢᠳᠤᠯᠭ᠎ᠠ ᠯᠢ ᠰᠢᠦ ᠹᠧᠩ᠂ ᠵᠧᠦ ᠱᠤᠸᠡᠢ᠂ ᠯᠧᠢ ᠬᠠᠰ ᠵᠢᠴᠢ ᠡᠯ᠎ᠡ ᠰᠣᠮᠣ ᠪᠠᠯᠭᠠᠰᠤ᠂ ᠬᠦᠷᠢᠶᠡᠯᠡᠩ ᠲᠣᠭᠤᠷᠢᠭ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶᠠᠨ ᠤ ᠪᠦᠬᠦ ᠺᠠᠳ᠋ᠷ ᠠᠵᠢᠯᠲᠠᠳ ᠠᠵᠢᠯᠯᠠᠭᠠᠨ ᠳᠤ ᠣᠷᠣᠯᠴᠠᠪᠠ᠃
     ᠠᠵᠢᠯᠯᠠᠭᠠᠨ ᠳᠤ ᠴᠢᠶᠣᠣ ᠶᠦᠨ ᠯᠢ 6 ᠰᠠᠷ᠎ᠠ ᠶᠢᠨ 5 ᠤ ᠣᠷᠴᠢᠨ ᠲᠣᠭᠤᠷᠢᠨ ᠤ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠡᠬᠢᠯᠡᠭᠰᠡᠨ ᠢ ᠵᠠᠷᠯᠠᠵᠤ᠂ ᠵᠧᠦ ᠱᠤᠸᠡᠢ ᠶᠠᠷᠢᠶ᠎ᠠ ᠲᠠᠯᠪᠢᠪᠠ᠃ ᠲᠡᠷᠡ ᠢᠯᠡᠷᠬᠡᠶᠢᠯᠡᠬᠦ ᠳᠤ ᠪᠠᠨ᠂ ᠤᠷᠴᠢᠮ ᠤᠨ ᠵᠢᠯ ᠠᠴᠠ ᠨᠠᠰᠢ ᠮᠠᠨ ᠬᠤᠰᠢᠭᠤ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠣᠯᠪᠠᠰᠣᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠬᠦᠨᠵᠡᠬᠡᠢ ᠰᠣᠷᠣᠯᠴᠠᠨ ᠲᠣᠣᠱᠯᠠᠭᠤᠯᠵᠤ᠂ ᠴᠡᠩᠬᠡᠭ ᠤᠰᠣ ᠬᠦᠭᠡᠮᠳᠦᠭ ᠠᠭᠤᠯᠠ ᠪᠣᠯ ᠠᠯᠲᠠ ᠮᠥᠩᠬᠦᠨ ᠠᠭᠤᠯᠠ ᠭᠡᠳᠡᠭ ᠴᠢᠬᠤᠯᠠ ᠬᠦᠭᠵᠢᠯᠲᠡ ᠶᠢᠨ ᠤᠶᠢᠯᠠᠭᠠᠭᠳᠠᠬᠤᠨ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠯ ᠠᠷᠠᠳ ᠤᠨ ᠠᠮᠢᠳᠦᠷᠠᠯ ᠤᠨ ᠠᠵᠠ ᠵᠢᠷᠭᠠᠯ ᠢ ᠲᠥᠭᠡᠮᠡᠯᠵᠢᠬᠦᠯᠬᠦ ᠵᠣᠷᠢᠯᠲᠠ ᠪᠠ ᠵᠣᠷᠢᠭ ᠰᠠᠨᠠᠭ᠎ᠠ᠂ ᠠᠭᠤᠯᠠ ᠤᠰᠤ ᠡᠪᠡᠰᠦ ᠮᠣᠳᠣ ᠨᠠᠭᠤᠷ ᠴᠦᠬᠦᠷᠦᠮ ᠪᠣᠯ ᠠᠮᠢ ᠨᠠᠰᠤᠨ ᠤ ᠬᠠᠮᠲᠣ ᠶᠢᠨ ᠴᠣᠭᠴᠠ ᠪᠣᠯᠬᠤ ᠰᠢᠰᠲ᠋ᠧᠮᠲᠦ ᠦᠵᠡᠯ ᠰᠠᠨᠠᠭ᠎ᠠ ᠶᠢ ᠪᠠᠲᠦ ᠡᠵᠡᠮᠳᠡᠨ᠂ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠲᠠ ᠶᠢ ᠠᠬᠢᠭᠤᠯᠤᠨ ᠴᠢᠬᠤᠯᠠ ᠲᠣᠮᠦ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠪᠣᠬᠢᠷᠳᠤᠯ ᠢ ᠰᠡᠷᠬᠡᠶᠢᠯᠡᠨ ᠵᠠᠰᠠᠬᠤ ᠪᠣᠭᠤᠮᠲᠠ ᠰᠢᠪᠲᠣᠯᠠᠬᠤ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠪᠠ᠃ ᠪᠦᠬᠦ ᠬᠤᠰᠢᠭᠤᠨ ᠤ ᠠᠮᠢ ᠠᠬᠤᠢ ᠶᠢᠨ ᠦᠨᠳᠦᠰᠦᠨ ᠪᠦᠲᠦᠭᠡᠨ ᠪᠠᠶᠢᠭᠤᠯᠣᠯᠲᠠ ᠢᠯᠡᠷᠬᠡᠢ ᠰᠠᠶᠢᠵᠢᠷᠠᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢᠯᠡᠷᠬᠡᠢ ᠴᠥᠭᠡᠷᠡᠨ ᠠᠮᠢ ᠠᠬᠤᠢ ᠣᠷᠴᠢᠨ ᠲᠣᠭᠤᠷᠢᠨ ᠢᠯᠡᠷᠬᠡᠢ ᠰᠠᠶᠢᠵᠢᠷᠠᠵᠤ᠂ ᠪᠦᠬᠦ ᠠᠷᠠᠳ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢᠯᠡᠳᠳᠡ ᠳᠡᠭᠡᠭᠰᠢᠯᠡᠨ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠦᠷᠭᠦᠯᠵᠢᠯᠡᠭᠰᠡᠨ ᠬᠦᠭᠵᠢᠯᠲᠡ ᠶᠢ ᠪᠡᠶᠡᠯᠡᠬᠦᠯᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠦᠭᠰᠡᠨ ᠪᠠᠶᠢᠨ᠎ᠠ᠃ ᠬᠤᠵᠢᠮ ᠤᠨ ᠨᠢᠭᠡ ᠬᠤᠭᠤᠴᠠᠭᠠᠨ ᠳᠤ ᠪᠢᠳᠠ ᠰᠢ ᠶᠢᠨ ᠫᠢᠩ  ᠶᠡᠷᠦᠩᠬᠡᠢ ᠱᠦᠵᠢ ᠶᠢᠨ ᠠᠮᠢ ᠠᠬᠤᠢ ᠶᠢᠨ ᠪᠣᠯᠪᠠᠰᠣᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠪᠦᠬᠦ ᠣᠯᠣᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠪᠤᠯ ᠥᠯᠡᠳᠪᠤᠷᠢᠯᠠᠯ ᠤᠨ ᠭᠥᠴᠤᠨ ᠢ ᠬᠠᠮᠠᠭᠠᠯᠠᠬᠤ ᠶᠠᠪᠤᠳᠠᠯ᠂ ᠠᠮᠢ ᠠᠬᠤᠢ ᠤᠷᠴᠢᠨ ᠲᠤᠭᠤᠷᠢᠨ ᠢ ᠰᠠᠶᠢᠵᠢᠷᠠᠭᠤᠯᠬᠤ ᠪᠤᠯ ᠥᠢᠯᠡᠳᠪᠤᠷᠢᠯᠠᠯ ᠤᠨ ᠭᠥᠴᠤᠨ  ᠢ ᠭᠥᠭᠵᠢᠭᠦᠯᠭᠦ ᠶᠠᠪᠤᠳᠠᠯ ᠮᠦᠨ ᠭᠡᠭᠦ ᠤᠶᠢᠯᠠᠭᠠᠭᠳᠠᠬᠤᠨ ᠢ ᠪᠠᠳᠤ ᠪᠤᠢ ᠪᠤᠯᠭᠠᠵᠤ ᠠᠵᠤ ᠠᠬᠤᠢ ᠶᠢᠨ ᠭᠥᠭᠵᠢᠯᠳᠠ ᠪᠤᠯᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠷᠢᠴᠠᠭ᠎ᠠ ᠶᠢ ᠵᠥᠪ ᠰᠢᠢᠳᠪᠦᠷᠢᠯᠡᠨ᠂ ᠪᠤᠭᠢᠷᠳᠤᠯ ᠥᠭᠡᠢ ᠭᠥᠭᠵᠢᠯᠳᠠ᠂ ᠡᠷᠭᠢᠯᠳᠡᠳᠤ ᠭᠥᠭᠵᠢᠯᠳᠠ᠂ ᠲᠤᠤᠷ᠎ᠠ ᠨᠠᠭᠦᠷᠠᠰᠤᠳᠥᠷᠥᠭᠴᠢᠳᠤ ᠭᠥᠭᠵᠢᠯᠳᠠ ᠶᠢ ᠠᠭᠢᠭᠤᠯᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠬᠠᠷᠢᠭᠤᠴᠠᠯᠭᠠᠳᠤ ᠰᠠᠳᠭᠢᠯᠭᠡ᠂ ᠡᠭᠦᠷᠭᠡ ᠲᠤᠰᠢᠶᠠᠯᠳᠤ ᠰᠠᠳᠭᠢᠯᠭᠡ ᠪᠠᠨ ᠨᠡᠮᠡᠭᠳᠡᠭᠦᠯᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠪᠥᠭᠦ ᠭᠥᠴᠤᠨ ᠢᠶᠠᠷ ᠢᠶᠠᠨ ᠠᠭᠢᠭᠤᠯᠵᠤ ᠥᠷᠭᠡᠨ ᠤᠯᠠᠨ ᠲᠥᠮᠡᠨ ᠤ ᠡᠳᠤᠷ ᠢᠷᠡᠭᠦᠶ᠎ᠠ ᠨᠡᠮᠡᠭᠳᠡᠵᠤ ᠪᠠᠶᠢᠭ᠎ᠠ ᠭᠤᠶᠤ ᠰᠠᠶᠢᠬᠠᠨ ᠠᠮᠢ ᠠᠬᠤᠢ ᠤᠷᠴᠢᠨ ᠲᠤᠭᠤᠷᠢᠨ ᠤ ᠭᠡᠷᠡᠭᠴᠡᠭᠡ ᠶᠢ ᠬᠠᠩᠭᠠᠨ ᠨᠤᠮᠢᠨ ᠲᠠᠩᠰᠤᠭ ᠥᠥᠰᠢᠨ ᠤ ᠭᠥᠭᠵᠢᠯᠳᠠ ᠳᠤ ᠨᠡᠩ ᠶᠡᠭᠡ ᠬᠤᠪᠢ ᠨᠠᠮᠠᠷᠢ ᠪᠠᠨ ᠡᠷᠭᠦᠭᠦ ᠶᠤᠮ ᠭᠡᠵᠡᠢ᠃
 
 
     ᠲᠣᠰ ᠤᠳᠠᠭᠠᠨ ᠤ ᠠᠵᠢᠯᠯᠠᠭᠠᠨ ᠳᠤ ᠤᠷᠤᠯᠴᠠᠭᠰᠠᠨ ᠤᠳᠤᠷᠢᠳᠤᠯᠭ᠎ᠠ ᠪᠤᠯᠤᠨ ᠥᠷᠭᠡᠨ ᠤᠯᠠᠨ ᠲᠥᠮᠡᠨ ᠬᠠᠮᠳᠤᠪᠠᠷ ︽ᠥᠵᠡᠰᠭᠦᠯᠡᠩᠳᠤ ᠰᠠᠶᠢᠬᠠᠨ ᠲᠤᠮᠳᠠᠳᠤ᠂ ᠪᠢ ᠪᠤᠯ ᠠᠵᠢᠯᠯᠠᠭᠴᠢ︾ ᠭᠡᠭᠦ ᠠᠮᠠᠯᠠᠯᠳᠠ ᠶᠢᠨ ᠪᠢᠴᠢᠭ ᠲᠡᠭᠡᠷ᠎ᠡ ᠭᠠᠷ ᠤᠨ ᠥᠰᠥᠭ ᠵᠢᠷᠤᠭᠰᠠᠨ ᠪᠠᠶᠢᠨ᠎ᠠ᠃ ᠬᠤᠰᠢᠭᠤ ᠤᠷᠴᠢᠨ ᠲᠤᠭᠤᠷᠢᠨ ᠤ ᠬᠠᠮᠠᠯᠭᠠᠯᠳᠠ ᠶᠢᠨ ᠲᠤᠪᠴᠢᠶᠠᠨ ᠤ ᠬᠢᠨ ᠪᠠᠰᠠ ᠤᠷᠴᠢᠨ ᠲᠤᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠪᠠ ᠰᠣᠨᠢᠷᠬᠠᠯᠲᠦ ᠬᠦᠳᠡᠯᠭᠡᠭᠡᠨ ᠥᠷᠨᠢᠭᠦᠯᠵᠦ᠂ ᠣᠷᠣᠢ ᠨᠢ ︽6 ᠰᠠᠷ᠎ᠠ ᠶᠢᠨ 5 ᠤ ᠣᠷᠴᠢᠨ ᠲᠣᠭᠤᠷᠢᠨ ᠤ ᠡᠳᠦᠷ︾ ᠤᠨ ᠲᠣᠰᠬᠠᠢ ᠰᠡᠲᠦᠪᠲᠦ ᠣᠷᠠᠨ ᠰᠠᠶᠢᠬᠠᠨ ᠤ ᠲᠣᠭᠯᠠᠯᠲᠠ ᠶᠠᠪᠤᠭᠳᠠᠭᠤᠯᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号