6 ᠰᠠᠷ᠎ᠠ ᠶᠢᠨ 7 ᠤ ᠡᠳᠤᠷ᠂ ᠵᠢᠯ ᠤᠨ ᠨᠢᠭᠡ ᠤᠳᠠᠭᠠᠨ ᠤ ᠶᠡᠭᠡ ᠲᠡᠭᠡᠳᠤ ᠰᠤᠷᠭᠠᠭᠤᠯᠢ ᠳᠤ ᠲᠠᠪᠰᠢᠬᠤ | ᠰᠢᠯᠭᠠᠯᠲᠠ ᠭᠦᠷᠴᠤ ᠢᠷᠡᠯ᠎ᠡ᠃ ᠡᠨᠡ ᠵᠢᠯ ᠮᠠᠨ ᠤ ᠬᠤᠰᠢᠭᠤᠨ ᠤ ᠡᠩ ᠤᠨ ᠶᠡᠭᠡ ᠳᠡᠭᠡᠳᠤ ᠰᠤᠷᠭᠠᠭᠤᠯᠢ ᠳᠤ | ᠰᠢᠯᠭᠠᠭᠤᠯᠤᠭᠰᠠᠳ 607 ᠰᠤᠷᠤᠭᠴᠢ᠂ ᠡᠭᠦᠨ ᠤ ᠳᠤᠲᠤᠷ᠎ᠠ ᠬᠢᠳᠠᠳ ᠲᠤ ᠬᠢᠴᠢᠶᠡᠯᠯᠡᠭᠰᠡᠨ ᠰᠢᠯᠭᠠᠭᠤᠯᠤᠭᠰᠠᠳ | 385 ᠰᠤᠷᠤᠭᠴᠢ᠂ ᠮᠤᠩᠭᠤᠯ ᠢᠶᠠᠷ ᠬᠢᠴᠢᠶᠡᠯᠯᠡᠭᠰᠡᠨ ᠰᠢᠯᠭᠠᠭᠤᠯᠤᠭᠰᠠᠳ 121 ᠰᠤᠷᠤᠭᠴᠢ᠂ ᠳᠡᠭᠡᠳᠤ ᠵᠡᠷᠬᠡ ᠶᠢᠨ | ᠠᠵᠢᠯ ᠮᠡᠷᠭᠡᠵᠢᠯ ᠤᠨ ᠠᠵᠢᠯ ᠲᠦᠷᠦᠯ ᠨᠢᠭᠡᠲᠠᠢ ᠰᠢᠯᠭᠠᠭᠤᠯᠤᠭᠰᠠᠳ 101 ᠰᠤᠷᠤᠭᠴᠢ ︵ᠡᠭᠦᠨ ᠳᠤ ᠳᠡᠭᠡᠳᠤ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠪᠠᠷ 80 ᠰᠤᠷᠤᠭᠴᠢ | ᠤᠷᠢᠳᠴᠢᠯᠠᠨ ᠡᠯᠰᠡᠭᠳᠡᠪᠡ︶ ᠪᠣᠢ᠃ ᠮᠠᠨ ᠤ ᠬᠤᠰᠢᠭᠤ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠳᠤ | ᠰᠢᠯᠭᠠᠯᠲᠠ ᠶᠢᠨ ᠭᠠᠵᠠᠷ ᠲᠤᠬᠢᠷᠠᠭᠤᠯᠵᠤ᠂ ᠨᠡᠶᠢᠳᠡ 18 ᠰᠢᠯᠭᠠᠯᠲᠠ ᠶᠢᠨ ᠲᠠᠯᠠᠪᠤᠷ ᠲᠠᠢ᠃ | ᠶᠡᠭᠡ ᠲᠡᠭᠡᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠬᠤᠭᠤᠴᠠᠭᠠᠨ ᠳᠤ ᠰᠢᠯᠭᠠᠯᠲᠠ ᠶᠢᠨ | ᠭᠠᠵᠠᠷ ᠤᠨ ᠦᠢᠷ᠎ᠠ ᠬᠠᠪᠢ ᠶᠢᠨ ᠵᠠᠮ ᠬᠠᠷᠢᠯᠴᠠᠭᠠᠨ ᠤ ᠬᠢᠵᠠᠭᠠᠷᠯᠠᠯ ᠢ ᠬᠡᠷᠡᠭᠵᠢᠭᠦᠯᠵᠤ᠂ ᠳᠣᠲᠤᠭᠠᠳᠤ ᠶᠢ | ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ ᠰᠢᠯᠭᠠᠯᠲᠠ ᠶᠢᠨ ᠭᠠᠵᠠᠷ ᠤᠨ ᠦᠢᠷ᠎ᠠ ᠬᠠᠪᠢ᠂ ᠭᠤᠤᠯᠳᠠᠯᠭᠠᠲᠤ | ᠵᠠᠮ ᠤᠨ ᠭᠡᠰᠡᠭ ᠲᠤ ᠴᠠᠭᠳᠠᠭ᠎ᠠ ᠲᠤᠮᠢᠯᠠᠵᠤ ᠰᠢᠯᠭᠠᠯᠲᠠ ᠶᠢᠨ ᠲᠠᠯᠠᠪᠤᠷ ᠤᠨ ᠠᠮᠤᠷ ᠲᠦᠪᠰᠢᠨ᠂ ᠵᠠᠮ ᠬᠠᠷᠢᠯᠴᠠᠭ᠎ᠠ | ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠵᠠᠮ ᠬᠠᠷᠢᠯᠴᠠᠭ᠎ᠠ ᠲᠦᠭᠵᠢᠷᠡᠬᠦ᠂ ᠰᠠᠨᠠᠭᠠᠨ ᠳᠤ ᠦᠭᠡᠢ ᠠᠳᠡᠯ ᠭᠠᠷᠬᠤ | ᠶᠢ ᠰᠡᠷᠭᠡᠶᠢᠯᠡᠭᠰᠡᠨ ᠪᠠᠶᠢᠨ᠎ᠠ᠃ ᠰᠡᠳᠬᠢᠴᠡ ᠶᠢᠨ ᠲᠤᠰᠠᠯᠠᠮᠵᠢ ᠦᠵᠡᠭᠦᠯᠬᠦ᠂ ᠴᠠᠬᠢᠯᠭᠠᠨ ᠢ ᠪᠠᠳᠣᠯᠠᠬᠤ᠂ ᠡᠷᠡᠭᠦᠯ | ᠬᠠᠮᠠᠭᠠᠯᠠᠯ ᠬᠢᠵᠢᠭ ᠰᠡᠷᠭᠡᠶᠢᠯᠡᠬᠦ ᠵᠡᠷᠭᠡ ᠠᠵᠢᠯ ᠤᠨ ᠪᠠᠶᠢᠭᠤᠯᠭ᠎ᠠ ᠨᠢᠭᠡᠴᠢ ᠪᠦᠷ ᠲᠤᠰ ᠲᠤᠰ ᠤᠨ ᠪᠠᠶᠢᠷᠢᠨ ᠳᠠᠭᠠᠨ | ᠬᠤᠯᠪᠤᠭᠳᠠᠯ ᠪᠦᠬᠦᠢ ᠠᠵᠢᠯ ᠢ ᠨᠠᠷᠢᠯᠢᠭ ᠰᠠᠶᠢᠬᠠᠨ ᠪᠠᠶᠢᠷᠢᠯᠠᠭᠤᠯᠤᠨ ᠪᠡᠯᠡᠳᠬᠡᠭᠰᠡᠨ ᠪᠠᠶᠢᠨ᠎ᠠ᠃ ᠡᠨᠡ ᠵᠢᠯ᠂ ᠮᠠᠨ ᠤ | ᠬᠤᠰᠢᠭᠤ ᠰᠢᠯᠭᠠᠭᠤᠯᠤᠭᠰᠠᠳ ᠲᠤ ᠰᠢᠯᠭᠠᠯᠳᠠ ᠶᠢᠨ ᠲᠠᠯᠠᠪᠤᠷ ᠲᠤ ᠤᠷᠤᠬᠤ ᠠᠴᠠ ᠡᠮᠤᠨᠡᠭᠢ ᠭᠢᠨᠠᠨ ᠭᠡᠮᠵᠢᠯᠳᠠ ᠶᠢ | ᠨᠠᠷᠢᠨ ᠭᠢᠭᠦ ᠶᠢᠨ ᠬᠠᠮᠳᠤ᠂ ᠰᠢᠯᠭᠠᠯᠳᠠ ᠶᠢᠨ ᠬᠤᠭᠤᠴᠠᠭᠠᠨ ᠳᠤ ᠬᠠᠷᠠᠭᠠᠨ ᠲᠠᠪᠳᠠᠮᠵᠢ ᠶᠢᠨ ᠭᠢᠨᠠᠨ ᠡᠵᠡᠮᠰᠢᠭᠦ | ᠰᠢᠩᠭᠡᠭᠡᠯᠳᠠ ᠶᠢᠨ ᠮᠠᠰᠢᠨ ᠢ ᠲᠤᠭᠢᠷᠠᠭᠤᠯᠤᠨ᠂ ᠰᠢᠯᠭᠠᠭᠤᠯᠤᠭᠰᠠᠳ ᠤᠨ ᠰᠢᠯᠭᠠᠯᠳᠠ ᠶᠢᠨ ᠪᠠᠶᠢᠳᠠᠯ ᠢ ᠠᠯᠤᠰ ᠠᠴᠠ | ᠭᠢᠨᠠᠨ ᠡᠵᠡᠮᠰᠢᠵᠤ᠂ ᠰᠢᠯᠭᠠᠯᠳᠠ ᠶᠢᠨ ᠲᠠᠯᠠᠪᠤᠷ ᠤᠨ ᠤᠷᠴᠢᠨ ᠳᠤ ᠭᠠᠷ ᠤᠳᠠᠰᠤᠨ ᠤ ᠲᠤᠭᠢᠶ᠎ᠠ ᠶᠢ ᠭᠢᠵᠠᠭᠠᠷᠯᠠᠨ | ᠬᠠᠯᠬᠠᠯᠠᠬᠤ ᠲᠥᠭᠦᠭᠡᠷᠤᠮᠵᠢ ᠪᠠ ᠭᠢᠨᠠᠨ ᠡᠵᠡᠮᠰᠢᠭᠦᠷ ᠤᠭᠰᠠᠷᠠᠨ ᠰᠢᠯᠭᠠᠯᠳᠠ ᠶᠢᠨ ᠡᠷᠭᠡ ᠲᠡᠭᠰᠢ ᠲᠥᠪ ᠭᠤᠤᠯᠴᠢ | ᠪᠠᠶᠢᠬᠤ ᠶᠢ ᠪᠠᠳᠤᠯᠠᠭᠰᠠᠨ ᠪᠠᠶᠢᠨ᠎ᠠ᠃ ᠡᠭᠦᠨ ᠤ ᠬᠠᠮᠲᠤ ᠰᠢᠯᠭᠠᠯᠲᠠ ᠤᠨ ᠲᠠᠯᠠᠪᠤᠷ ᠤᠨ ᠭᠠᠳᠠᠨ᠎ᠠ ᠬᠠᠶᠢᠷ᠎ᠠ ᠬᠠᠯᠠᠮᠵᠢ | ᠪᠠᠨ ᠬᠠᠨᠳᠢᠪᠯᠠᠬᠤ ᠠᠷᠪᠠᠭᠠᠳ ᠠᠵᠤ ᠠᠬᠤᠶᠢᠯᠠᠯ ᠪᠤᠯᠤᠨ ᠪᠠᠶᠢᠭᠤᠯᠭ᠎ᠠ ᠨᠢᠬᠡᠴᠢ ᠠᠴᠠ ᠮᠠᠶᠢᠬᠠᠨ ᠪᠤᠰᠬᠠᠨ᠂ | ᠰᠢᠯᠭᠠᠭᠤᠯᠤᠭᠰᠠᠳ ᠲᠤ ᠤᠷᠮ᠎ᠠ ᠬᠠᠶᠢᠷᠠᠯᠠᠭᠰᠠᠨ ᠪᠢᠴᠢᠭᠡᠰᠤ ᠡᠯᠭᠦᠵᠤ᠂ ᠰᠢᠯᠭᠠᠭᠤᠯᠤᠭᠰᠠᠳ ᠪᠤᠯᠤᠨ ᠭᠡᠷ ᠤᠨ | ᠠᠬᠠᠮᠠᠳ ᠲᠤ ᠤᠰᠤ᠂ ᠪᠠᠴᠢᠮ ᠪᠠᠶᠢᠳᠠᠯ ᠢ ᠰᠢᠢᠳᠪᠤᠷᠢᠯᠡᠬᠦ ᠡᠮ᠂ ᠪᠢᠴᠢᠭ ᠤᠨ ᠬᠡᠷᠡᠭᠰᠡᠯ᠂ ᠰᠡᠷᠢᠭᠦᠴᠡᠬᠦ ᠲᠡᠪᠢᠭᠦᠷ | ᠵᠡᠷᠭᠡ ᠡᠳ᠋ ᠪᠤᠳᠠᠰ ᠤᠳ ᠢ ᠪᠡᠯᠡᠳᠬᠡᠵᠤ᠂ ᠰᠢᠯᠭᠠᠭᠤᠯᠤᠭᠰᠠᠳ ᠪᠤᠯᠤᠨ ᠭᠡᠷ ᠤᠨ ᠠᠬᠠᠮᠠᠳ ᠲᠤ ᠪᠦᠷᠢᠨ ᠰᠠᠶᠢᠬᠠᠨ | ᠦᠢᠯᠡᠴᠢᠯᠡᠭᠡ ᠬᠠᠩᠭᠠᠭᠰᠠᠨ ᠪᠠᠶᠢᠨ᠎ᠠ᠃ ᠡᠬᠦᠨ ᠠᠴᠠ ᠭᠠᠳᠠᠨ᠎ᠠ 35 ᠲᠦᠷᠢᠶᠡᠰᠤᠨ ᠮᠠᠰᠢᠨ ᠢᠶᠠᠷ ᠪᠦᠷᠢᠯᠳᠦᠭᠰᠡᠨ | ᠰᠠᠶᠢᠨ ᠳᠤᠷᠠᠴᠤᠤᠯ ᠤᠨ ᠡᠩᠨᠡᠭᠡ ᠵᠡᠷᠭᠡ ᠰᠠᠶᠢᠨ ᠳᠤᠷᠠᠴᠤᠤᠯ ᠤᠨ ᠦᠢᠯᠡᠴᠢᠯᠡᠭᠡᠨ ᠤ ᠳᠠᠪᠴᠠᠩ ᠪᠠᠶᠢᠭᠤᠯᠵᠤ᠂ | ᠰᠢᠯᠭᠠᠭᠤᠯᠤᠭᠰᠠᠳ ᠢ ᠬᠠᠶᠢᠷ᠎ᠠ ᠶᠢᠨ ᠰᠡᠳᠬᠢᠯ ᠢᠶᠠᠷ ᠰᠢᠯᠭᠠᠯᠲᠠ ᠶᠢᠨ ᠲᠠᠯᠠᠪᠤᠷ ᠲᠤ ᠬᠦᠷᠭᠡᠵᠤ᠂ ᠠᠵᠢᠯ ᠮᠡᠷᠭᠡᠵᠢᠯ | ᠤᠨ ᠳᠤᠮᠳᠠᠳᠤ ᠰᠤᠷᠭᠠᠭᠤᠯᠢ ᠪᠤᠯᠤᠨ ᠤᠷᠳᠤᠰ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ | ᠰᠢᠯᠭᠠᠭᠤᠯᠤᠭᠰᠠᠳ ᠲᠤ ᠰᠢᠯᠭᠠᠯᠲᠠ ᠶᠢᠨ ᠲᠠᠯᠠᠪᠤᠷ ᠠᠴᠠ ᠲᠤᠰᠴᠤ ᠬᠦᠷᠭᠡᠭᠦ ᠦᠨ᠎ᠡ ᠲᠦᠯᠦᠪᠦᠷᠢ ᠦᠭᠡᠢ | ᠦᠢᠯᠡᠴᠢᠯᠡᠭᠡ ᠬᠠᠩᠭᠠᠭᠰᠠᠨ ᠪᠠᠶᠢᠨ᠎ᠠ᠃ |