7 ᠰᠠᠷ᠎ᠠ ᠶᠢᠨ 9 ᠤ ᠡᠳᠦᠷ᠂ ᠭᠠᠯᠠᠭᠤᠲᠤ ᠪᠠᠯᠭᠠᠰᠤᠨ ᠤ ᠬᠦᠭᠡᠲᠤᠯᠤᠭᠠᠢ ᠭᠠᠴᠠᠭᠠᠨ ᠤ ᠪᠦᠬᠦ ᠮᠠᠯᠴᠢᠨ | ᠠᠴᠠ ᠪᠠᠶᠠᠨᠨᠠᠭᠤᠷ ᠬᠤᠲᠠ ᠶᠢᠨ ᠤᠷᠠᠳ ᠤᠨ ᠲᠤᠮᠳᠠᠲᠤ ᠬᠤᠰᠢᠭᠤᠨ ᠤ ᠭᠠᠮᠰᠢᠭᠳᠠᠭᠰᠠᠨ ᠮᠠᠯᠴᠢᠳ ᠢ ᠲᠤᠰᠠᠯᠠᠬᠤ | ᠠᠵᠢᠯᠯᠠᠭ᠎ᠠ ᠦᠷᠨᠢᠬᠦᠯᠪᠡ᠃ | ᠲᠤᠰ ᠤᠳᠠᠭᠠᠨ ᠤ ᠠᠵᠢᠯᠯᠠᠭᠠᠨ ᠳᠤ᠂ ᠭᠠᠯᠠᠭᠤᠲᠤ ᠪᠠᠯᠭᠠᠰᠤᠨ ᠤ ᠭᠦᠬᠡᠲᠤᠯᠤᠭᠠᠢ ᠭᠠᠴᠠᠭᠠᠨ ᠤ 251 | ᠡᠷᠦᠬᠡ ᠠᠴᠠ ᠬᠠᠯᠠᠭᠤᠨ ᠭᠠᠷ ᠢᠶᠠᠨ ᠰᠤᠩᠭᠠᠨ᠂ 46 ᠲᠤᠨ ᠡᠪᠡᠰᠦ᠂ 6 ᠲᠤᠨ ᠡᠷᠳᠡᠨᠢ ᠰᠢᠰᠢ ᠪᠤᠯᠤᠨ 27928 | ᠲᠥᠭᠦᠷᠢᠭ ᠤᠨ ᠪᠡᠯᠡᠨ ᠮᠦᠩᠭᠦ ᠲᠡᠮᠵᠢᠨ ᠳᠤᠰᠠᠯᠠᠭᠰᠠᠨ ᠪᠠᠶᠢᠨ᠎ᠠ᠃ | ᠤᠶᠢᠯᠠᠭᠠᠭᠰᠠᠨ ᠢᠶᠠᠷ᠂ ᠲᠤᠰ ᠤᠳᠠᠭᠠᠨ ᠤ ᠭᠠᠮᠰᠢᠭᠳᠠᠭᠰᠠᠨ ᠤᠷᠤᠨ ᠢ ᠲᠡᠮᠵᠢᠨ ᠳᠤᠰᠠᠯᠠᠬᠤ ᠠᠵᠢᠯᠯᠠᠭ᠎ᠠ | ᠪᠠᠷ ᠭᠦᠬᠡᠲᠤᠯᠤᠭᠠᠢ ᠭᠠᠴᠠᠭ᠎ᠠ ᠨᠢ ᠪᠠᠶᠠᠨᠨᠠᠭᠤᠷ ᠬᠤᠲᠠ ᠶᠢᠨ ᠤᠷᠠᠳ ᠤᠨ ᠲᠤᠮᠳᠠᠲᠤ ᠬᠤᠰᠢᠭᠤᠨ ᠤ ᠭᠠᠭᠴᠠᠮᠤᠲᠤ | ᠪᠠᠯᠭᠠᠰᠤᠨ ᠤ ᠡᠷᠬᠢᠮᠴᠠᠭᠠᠨ ᠭᠠᠴᠠᠭ᠎ᠠ᠂ ᠤᠯᠠᠭᠠᠨ ᠰᠤᠮᠤ ᠶᠢᠨ ᠲᠦᠬᠦᠮ ᠭᠠᠴᠠᠭ᠎ᠠ᠂ ᠤᠯᠠᠭᠠᠨ ᠰᠤᠮᠤ ᠶᠢᠨ | ᠰᠠᠩᠭᠢᠨᠳᠠᠯᠠᠢ ᠭᠠᠴᠠᠭ᠎ᠠ ᠵᠡᠷᠭᠡ ᠭᠤᠷᠪᠠᠨ ᠭᠠᠴᠠᠭ᠎ᠠ ᠶᠢ ᠲᠡᠮᠵᠢᠨ ᠳᠤᠰᠠᠯᠠᠭᠰᠠᠨ ᠪᠠᠶᠢᠨ᠎ᠠ᠃ |