ᠪᠦᠬᠦ ᠤᠷᠤᠨ ᠤ ᠰᠤᠮᠤ ᠰᠢᠶᠠᠩ ᠪᠠᠯᠭᠠᠰᠤ ︵ᠵᠡᠭᠡᠯᠡᠢ ᠭᠤᠳᠤᠮᠵᠢ︶ ᠶᠢᠨ ᠤᠬᠠᠭᠤᠯᠬᠤ ᠬᠡᠰᠢᠭᠦᠨ ᠤ ᠵᠢᠱᠢᠶ᠎ᠡ ᠦᠵᠡᠬᠦᠯᠬᠦ ᠪᠤᠯᠪᠠᠰᠤᠷᠠᠯ ᠤᠨ ᠠᠩᠭᠢ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠴᠢᠳᠠᠪᠤᠷᠢ ᠶᠢ ᠲᠡᠭᠡᠭᠰᠢᠯᠡᠬᠦᠯᠬᠦ ᠲᠤᠰᠬᠠᠢ ᠪᠤᠯᠪᠠᠰᠤᠷᠠᠯ ᠤᠨ ᠠᠩᠭᠢ ᠮᠠᠨ ᠤ ᠬᠤᠰᠢᠭᠤᠨ ᠳᠤ ᠢᠷᠠᠵᠤ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2018-07-12
      7 ᠰᠠᠷ᠎ᠠ ᠶᠢᠨ 10 ᠤ ᠡᠳᠦᠷ ᠪᠦᠬᠦ ᠤᠷᠤᠨ ᠤ ᠰᠤᠮᠤ ᠰᠢᠶᠠᠩ ᠪᠠᠯᠭᠠᠰᠤ ︵ᠵᠡᠭᠡᠯᠡᠢ ᠭᠤᠳᠤᠮᠵᠢ︶ ᠶᠢᠨ ᠤᠬᠠᠭᠤᠯᠬᠤ ᠬᠡᠰᠢᠭᠦᠨ ᠤ ᠵᠢᠱᠢᠶ᠎ᠡ ᠦᠵᠡᠬᠦᠯᠬᠦ ᠪᠤᠯᠪᠠᠰᠤᠷᠠᠯ ᠤᠨ ᠠᠩᠭᠢ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠴᠢᠳᠠᠪᠤᠷᠢ ᠶᠢ ᠲᠡᠭᠡᠭᠰᠢᠯᠡᠬᠦᠯᠬᠦ ᠲᠤᠰᠬᠠᠢ ᠪᠤᠯᠪᠠᠰᠤᠷᠠᠯ ᠤᠨ ᠠᠩᠭᠢ ᠮᠠᠨ ᠤ ᠬᠤᠰᠢᠭᠤᠨ ᠳᠤ ᠢᠷᠠᠵᠤ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢᠨ ᠠᠵᠢᠯᠯᠠᠭ᠎ᠠ ᠦᠷᠨᠢᠭᠦᠯᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠺᠠᠳ᠋ᠷ ᠤᠨ ᠭᠠᠵᠠᠷ ᠤᠨ ᠲᠠᠷᠤᠭ᠎ᠠ ᠰᠡᠴᠡᠨ᠂ ᠪᠦᠬᠦ ᠤᠷᠤᠨ ᠤ ᠰᠤᠮᠤ ᠰᠢᠶᠠᠩ ᠪᠠᠯᠭᠠᠰᠤ ︵ᠵᠡᠭᠡᠯᠡᠢ ᠭᠤᠳᠤᠮᠵᠢ︶ ᠶᠢᠨ ᠤᠬᠠᠭᠤᠯᠬᠤ ᠬᠡᠰᠢᠭᠦᠨ ᠤ ᠲᠦᠯᠦᠭᠡᠯᠡᠭᠴᠢ ᠵᠢᠴᠢ ᠮᠠᠨ ᠤ ᠬᠤᠲᠠ ᠶᠢᠨ ᠦᠨᠳᠦᠰᠦᠨ ᠱᠠᠲᠤᠨ ᠤ ᠪᠦᠬᠦ ᠤᠬᠠᠭᠤᠯᠬᠤ ᠬᠡᠰᠢᠭᠦᠨ ᠪᠠᠷᠤᠭ 200 ᠬᠦᠮᠦᠨ ᠤᠷᠤᠯᠴᠠᠪᠠ᠃ ᠬᠤᠰᠢᠭᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠤᠬᠠᠭᠤᠯᠬᠤ ᠬᠡᠯᠲᠡᠰ ᠤᠨ ᠲᠠᠷᠤᠭ᠎ᠠ ᠹᠧᠩ ᡁᠢ ᠮᠢᠩ ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠡᠷᠢᠬᠦᠯᠡᠭᠴᠢ ᠤᠶᠦᠨᠪᠢᠯᠢᠭ᠂ ᠬᠤᠰᠢᠭᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤ ᠰᠤᠶᠤᠯ ᠤᠨ ᠲᠤᠪᠴᠢᠶ᠎ᠠ ᠵᠡᠷᠭᠡ ᠬᠤᠯᠪᠤᠭᠳᠠᠯ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠪᠠᠷᠠᠳᠠᠪᠠ᠃      ᠪᠦᠬᠦ ᠰᠤᠷᠤᠯᠭᠠᠲᠠᠳ ᠤᠷᠢᠳ ᠬᠤᠵᠢᠳ ᠮᠠᠨ ᠤ ᠬᠤᠰᠢᠭᠤᠨ ᠤ ᠤᠯᠠᠭᠠᠨᠳᠤᠯᠤᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠤ ᠨᠤᠮ ᠤᠨ ᠤᠪᠤᠭ᠎ᠠ᠂ ᠦᠤᠰᠢᠨ ᠬᠤᠰᠢᠭᠤᠨ ᠤ ᠰᠤᠶᠤᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ᠂ ᠦᠤᠰᠢᠨ ᠬᠤᠰᠢᠭᠤᠨ ᠤ ᠤᠯᠠᠭᠠᠨᠮᠦ᠋ᠴᠢᠷ᠂ ᠭᠠᠯᠠᠭᠤᠲᠤ ᠪᠠᠯᠭᠠᠰᠤᠨ ᠤ ᠰᠠᠰᠠ ᠶᠢᠨ ᠴᠠᠶᠢᠳᠠᠮ ᠲᠤᠰᠬᠤᠨ ᠵᠢᠴᠢ ᠲᠠᠷᠢᠶᠠᠯᠠᠭ᠎ᠠ ᠶᠢᠨ ᠰᠤᠶᠤᠯ ᠤᠨ ᠦᠵᠡᠬᠦᠯᠦᠯᠭᠡ ᠶᠢᠨ ᠤᠷᠳᠤᠨ ᠳᠤ ᠬᠦᠷᠴᠤ ᠮᠠᠨ ᠤ ᠬᠤᠰᠢᠭᠤᠨ ᠤ ᠬᠦᠳᠡᠭᠡ ᠨᠤᠲᠤᠭ ᠤᠨ ᠰᠤᠶᠤᠯ᠂ ᠤᠨᠴᠠᠯᠢᠭᠲᠤ ᠰᠤᠶᠤᠯ᠂ ᠬᠦᠳᠡᠭᠡ ᠨᠤᠲᠤᠭ ᠤᠨ ᠪᠤᠯᠪᠠᠰᠤᠨ ᠤ ᠪᠠᠶᠢᠭᠤᠯᠤᠯᠲᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ︽ᠰᠤᠷᠤᠯᠴᠠᠯᠭ᠎ᠠ ᠶᠢᠨ ᠲᠢᠩᠭᠢᠮ︾ ᠵᠡᠷᠭᠡ ᠠᠵᠢᠯ ᠢ ᠲᠤᠭᠤᠷᠢᠨ ᠰᠤᠷᠤᠯᠴᠠᠪᠠ᠃ ᠰᠤᠷᠤᠯᠴᠠᠯᠭ᠎ᠠ ᠶᠢᠨ ᠬᠤᠭᠤᠴᠠᠭᠠᠨ ᠳᠤ ᠡᠯ᠎ᠡ ᠰᠤᠷᠤᠯᠭᠠᠲᠠᠳ ᠬᠠᠷᠢᠯᠴᠠᠨ ᠲᠡᠷᠢᠬᠦᠨ ᠤ ᠲᠤᠷᠰᠢᠯᠭ᠎ᠠ ᠪᠠᠨ ᠰᠤᠯᠢᠯᠴᠠᠵᠤ ᠦᠨᠳᠦᠰᠦᠨ ᠱᠠᠲᠤᠨ ᠤ ᠰᠤᠷᠳᠠᠯ ᠤᠬᠠᠭᠤᠯᠭ᠎ᠠ ᠰᠤᠶᠤᠯ ᠤᠨ ᠠᠵᠢᠯ ᠤᠨ ᠴᠢᠬᠤᠯᠠ ᠴᠢᠨᠠᠷ ᠢ ᠬᠦᠢᠴᠡᠳ ᠤᠢᠢᠯᠠᠭᠠᠭᠰᠠᠨ ᠪᠠᠶᠢᠨ᠎ᠠ᠃      ᠰᠤᠷᠤᠯᠭᠠᠲᠠᠳ ᠢᠯᠡᠷᠬᠡᠶᠢᠯᠡᠬᠦ ᠳᠤ ᠪᠠᠨ ᠤᠨᠤᠯ ᠤᠨ ᠪᠤᠯᠪᠠᠰᠤᠷᠠᠯ ᠪᠠ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠪᠠᠷ ᠲᠠᠮᠵᠢᠨ ᠦᠨᠳᠦᠰᠤᠨ ᠱᠠᠲᠤᠨ ᠤ ᠰᠤᠷᠳᠠᠯ ᠤᠬᠠᠭᠤᠯᠭ᠎ᠠ ᠰᠤᠶᠤᠯ ᠤᠨ ᠠᠵᠢᠯ ᠤᠨ ᠮᠡᠳᠡᠯᠭᠡ ᠶᠢ ᠰᠢᠰᠲᠧᠮ ᠲᠠᠢ ᠰᠤᠷᠤᠯᠴᠠᠵᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠴᠠᠭ ᠦᠶ᠎ᠡ ᠶᠢᠨ ᠡᠭᠦᠷᠭᠡ ᠲᠤᠰᠢᠶᠠᠯᠲᠤ ᠰᠡᠳᠬᠢᠯᠭᠡ ᠶᠢ ᠨᠡᠮᠡᠭᠳᠡᠬᠦᠯᠵᠤ ᠨᠠᠮ ᠤᠨ ᠬᠡᠪ ᠰᠤᠷᠳᠠᠯ ᠢᠶᠠᠨ ᠤᠯᠠᠮ ᠨᠢᠭᠡ ᠠᠯᠬᠤᠮ ᠴᠢᠩᠭᠠᠳᠬᠠᠵᠤ ᠢᠳᠡᠭᠡᠯ ᠬᠦᠰᠡᠯᠡᠩ ᠢᠶᠠᠨ ᠪᠠᠲᠤᠵᠢᠭᠤᠯᠤᠨ ᠦᠨᠳᠦᠰᠦᠨ ᠱᠠᠲᠤᠨ ᠤ ᠤᠬᠠᠭᠤᠯᠬᠤ ᠬᠡᠰᠢᠭᠦᠨ ᠤ ᠡᠭᠦᠷᠭᠡ ᠲᠤᠰᠢᠶᠠᠯ ᠢᠶᠠᠨ ᠬᠦᠢᠴᠡᠳᠬᠡᠬᠦ ᠴᠢᠳᠠᠪᠤᠷᠢ ᠪᠠᠨ ᠲᠡᠭᠡᠭᠰᠢᠯᠡᠬᠦᠯᠦᠭᠰᠡᠨ ᠪᠠᠶᠢᠨ᠎ᠠ ᠭᠡᠪᠡ᠃
 
ᠢᠷᠡᠯᠲᠡ᠄ ︽ᠨᠤᠮᠢᠨ ᠲᠠᠩᠰᠤᠭ ᠦᠤᠰᠢᠨ︾ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号