ᠮᠠᠨ ᠤ ᠬᠤᠰᠢᠭᠤᠨ ᠤ ᠠᠩᠬᠠᠳᠤᠭᠠᠷ ᠬᠤᠭᠤᠴᠠᠭᠠᠨ ᠤ ᠳ᠋ᠠᠴᠢᠩ ᠬᠦᠭᠵᠢᠮ ᠤᠨ ᠤᠷᠤᠯᠳᠤᠭᠠᠨ ᠠᠮᠵᠢᠯᠲᠠᠲᠠᠢ ᠰᠠᠶᠢᠬᠠᠨ ᠶᠠᠪᠤᠭᠳᠠᠪᠠ
ᠨᠡᠶᠢᠲᠡᠯᠡᠭᠰᠡᠨ ᠴᠠᠭ᠄
2018-07-12
      ᠮᠠᠨ ᠤ ᠬᠤᠰᠢᠭᠤᠨ ᠤ ᠠᠩᠬᠠᠳᠤᠭᠠᠷ ᠬᠤᠭᠤᠴᠠᠭᠠᠨ ᠤ ᠳ᠋ᠠᠴᠢᠩ ᠬᠦᠭᠵᠢᠮ ᠤᠨ ᠭᠠᠭᠴᠠ ᠬᠦᠮᠦᠨ ᠤ ᠤᠷ᠎ᠠ ᠠᠪᠢᠶᠠᠰ ᠤᠨ ᠤᠷᠤᠯᠳᠤᠭᠠᠨ ᠭᠠᠯᠠᠭᠤᠳᠤ ᠪᠠᠯᠭᠠᠰᠤᠨ ᠳᠠᠬᠢ ᠰᠢᠨ᠎ᠡ ᠶᠢᠨ ᠬᠦᠭᠵᠢᠮ ᠤᠨ ᠲᠡᠯᠭᠡᠭᠦᠷ ᠲᠤ ᠶᠠᠪᠤᠭᠳᠠᠵᠤ᠂ ᠤᠷᠤᠯᠴᠠᠭᠴᠢᠳ ᠦᠪᠡᠷ ᠦᠪᠡᠷ ᠤᠨ ᠤᠷ᠎ᠠ ᠠᠪᠢᠶᠠᠰ ᠢᠶᠠᠨ ᠬᠠᠷᠠᠭᠤᠯᠤᠯ᠎ᠠ᠃      ᠤᠷᠤᠯᠳᠤᠭᠠᠨ ᠳᠤ᠂ ᠤᠳᠤᠭ ᠤᠨ ᠡᠮᠤᠨᠡᠳᠤ ᠬᠤᠰᠢᠭᠤ᠂ ᠤᠳᠤᠭ ᠬᠤᠰᠢᠭᠤ᠂ ᠬᠠᠩᠬᠢᠨ ᠬᠤᠰᠢᠭᠤ ᠪᠠ ᠮᠠᠨ  ᠤ ᠬᠤᠰᠢᠭᠤᠨ ᠤ ᠭᠤᠴᠢ ᠭᠠᠷᠤᠢ ᠬᠦᠮᠦᠨ ᠤᠷᠤᠯᠴᠠᠵᠤ᠂ ︽ᠤᠷᠠᠨ ᠲᠠᠩᠨᠠᠢ︾ ︽ᠤᠷᠳᠤᠰ ᠮᠤᠩᠭᠤᠯ︾ ᠵᠡᠷᠭᠡ ᠲᠠᠭᠤᠨ ᠤ ᠠᠶ᠎ᠠ ᠶᠢ ᠬᠦᠭᠵᠢᠮᠳᠡᠵᠦ᠂ ᠦᠪᠡᠷ ᠦᠪᠡᠷ ᠤᠨ ᠠᠪᠢᠶᠠᠰ ᠴᠢᠳᠠᠪᠤᠷᠢ ᠪᠠᠨ ᠭᠠᠶᠢᠬᠠᠭᠤᠯᠣᠯ᠎ᠠ᠃ ᠳ᠋ᠠᠴᠢᠩ ᠭᠦᠭᠵᠢᠮ ᠢ ᠲᠡᠭᠡᠷ᠎ᠡ ᠵᠠᠭᠤᠨ ᠤ ᠲᠠᠪᠢ ᠵᠢᠷᠠᠭᠠᠳ ᠤᠨ ᠳᠤ ᠮᠤᠩᠭᠤᠯᠴᠤᠳ ᠶᠡᠭᠡᠪᠡᠷ ᠰᠤᠷᠴᠤ ᠡᠵᠡᠮᠰᠢᠵᠦ ᠡᠬᠢᠯᠡᠭᠰᠡᠨ ᠠᠴᠠ ᠰᠤᠷᠭᠠᠭᠤᠯᠢ ᠶᠢᠨ ᠬᠦᠷᠢᠶ᠎ᠠ᠂ ᠠᠶᠢᠯ ᠡᠷᠤᠬᠡ ᠶᠢᠨ ᠨᠠᠶᠢᠷ ᠬᠤᠷᠢᠮ ᠳᠤ ᠦᠷᠭᠡᠨ ᠢᠶᠠᠷ ᠭᠡᠷᠡᠭᠯᠡᠭᠳᠡᠭᠦ ᠪᠤᠯᠤᠭᠰᠠᠨ ᠪᠠᠶᠢᠳᠠᠭ᠃ ᠳ᠋ᠠᠴᠢᠩ ᠬᠦᠭᠵᠢᠮ ᠪᠤᠯ ᠪᠠᠷᠠᠭᠤᠨ ᠭᠠᠷ ᠢᠶᠠᠷ ᠴᠢᠪᠬᠠᠳᠠᠨ ᠲᠠᠯᠠᠳᠴᠤ᠂ ᠵᠡᠭᠦᠨ ᠭᠠᠷ ᠤᠨ ᠬᠤᠷᠤᠭᠤ ᠪᠠᠷ ᠲᠤᠪᠴᠢ ᠲᠠᠷᠠᠭᠤᠯ ᠢ ᠨᠢ ᠲᠠᠷᠤᠵᠤ ᠠᠶᠠᠰ ᠡᠭᠦᠰᠭᠡᠨ ᠬᠦᠭᠵᠢᠮᠳᠡᠳᠡᠭ ᠬᠦᠭᠵᠢᠮ ᠪᠤᠯᠤᠨ᠎ᠠ᠃      ᠤᠷᠤᠯᠳᠤᠭᠠᠨ ᠳᠤ᠂ ᠬᠤᠰᠢᠭᠤ ᠬᠤᠰᠢᠭᠤᠨ ᠤ ᠤᠷᠤᠯᠴᠠᠭᠴᠢᠳ ᠦᠪᠡᠷ ᠦᠪᠡᠷ ᠤᠨ ᠬᠡᠪ ᠨᠠᠮᠪᠠ ᠪᠠᠷ ᠬᠦᠭᠵᠢᠮᠳᠡᠵᠦ᠂ ᠬᠤᠷᠴᠠ ᠰᠢᠷᠤᠭᠦᠨ ᠥᠷᠢᠰᠤᠯᠳᠥᠭᠡᠨ ᠢᠶᠠᠷ ᠲᠠᠮᠵᠢᠭᠠᠳ᠂ ᠤᠳᠤᠭ ᠬᠤᠰᠢᠭᠤᠨ ᠤ ᠤᠳᠬᠤᠨᠪᠤᠤ ᠨᠢᠭᠡᠳᠤᠭᠡᠷ ᠲᠠᠰ᠂ ᠤᠳᠤᠭ ᠤᠨ ᠡᠮᠤᠨᠡᠳᠤ ᠬᠤᠰᠢᠭᠤᠨ ᠤ ᠨᠠᠪᠴᠢᠨᠬᠤᠸᠠᠷ ᠬᠤᠶᠠᠳᠤᠭᠠᠷ ᠲᠠᠰ᠂ ᠤᠳᠤᠭ ᠤᠨ ᠡᠮᠤᠨᠡᠳᠤ ᠬᠤᠰᠢᠭᠤᠨ ᠤ ᠤᠷᠠᠨ᠎ᠠ ᠭᠤᠷᠪᠠᠳᠤᠭᠠᠷ ᠲᠠᠰ ᠲᠤ ᠲᠤᠳᠤᠷᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号