ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶ᠎ᠠ ᠬᠤᠲᠠ ᠶᠢᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠵᠠᠰᠠᠨ ᠴᠡᠭᠴᠡᠯᠡᠬᠦ ᠭᠥᠴᠤᠯᠡᠴᠡ ᠪᠠᠨ ᠲᠠᠰᠤᠷᠠᠯᠲᠠ ᠥᠭᠡᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2018-07-12
      ᠤᠶᠢᠷ᠎ᠠ ᠳᠤ᠂ ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶ᠎ᠠ ᠨᠢ ᠭᠠᠯᠠᠭᠤᠲᠤ ᠪᠠᠯᠭᠠᠰᠤᠨ ᠤ ᠲᠤᠭᠤᠷᠢᠭ ᠲᠠᠬᠢ ᠶᠢᠨ ᠷᠥᠩ ᠰᠠᠭᠤᠭᠠᠯᠢ ᠲᠤᠭᠤᠷᠢᠭ᠂ ᠱᠢ ᠵᠢᠶᠠ ᠰᠠᠭᠤᠭᠠᠯᠢ ᠲᠤᠭᠤᠷᠢᠭ ᠵᠢᠴᠢ ᠥᠤᠰᠢᠨ ᠬᠤᠰᠢᠭᠤᠨ ᠤ ᠬᠤᠲᠠᠯᠲᠤᠭᠠᠨ ᠤ ᠲᠤᠭᠤᠷᠢᠭ ᠤᠨ ᠤᠶᠢᠷᠠᠯᠴᠠᠭᠠᠬᠢ ᠤᠷᠲᠤ ᠬᠤᠭᠤᠴᠠᠭ᠎ᠠ ᠪᠠᠷ ᠤᠪᠤᠭᠠᠯᠡᠭᠰᠠᠨ ᠪᠠᠷᠢᠯᠭ᠎ᠠ ᠶᠢᠨ ᠬᠤᠭ ᠨᠤᠪᠰᠢ᠂ ᠠᠮᠢᠲᠤᠷᠠᠯ ᠤᠨ ᠬᠤᠭ ᠨᠤᠪᠰᠢ ᠶᠢ ᠲᠥᠪᠯᠡᠷᠡᠭᠦᠯᠤᠨ ᠴᠡᠪᠡᠷᠯᠡᠨ ᠴᠡᠭᠴᠡᠯᠡᠪᠡ᠃ ᠲᠤᠰ ᠤᠲᠠᠭᠠᠨ ᠤ ᠴᠡᠭᠴᠡᠯᠡᠨ ᠵᠠᠰᠠᠯᠲᠠ ᠪᠠᠷ ᠲᠠᠮᠵᠢᠭᠠᠳ 800 ᠲᠤᠨ ᠬᠤᠪᠰᠢ ᠨᠤᠪᠰᠢ ᠶᠢ ᠪᠥᠷᠢᠮᠤᠰᠤᠨ ᠲᠤᠶᠢᠯᠪᠤᠷᠢᠲᠠᠢ ᠴᠡᠪᠡᠷᠯᠡᠵᠤ᠂ ᠲᠤᠰ ᠭᠡᠲᠤᠨ ᠰᠠᠭᠤᠭᠠᠯᠢ ᠲᠤᠭᠤᠷᠢᠭ ᠤᠨ ᠤᠷᠴᠢᠨ ᠲᠤᠭᠤᠷᠢᠨ ᠢ ᠠᠷᠢᠭᠤᠨ ᠴᠡᠪᠡᠷ ᠰᠠᠷᠠᠭᠤᠯ ᠰᠠᠶᠢᠬᠠᠨ ᠡᠮᠬᠢ ᠴᠡᠭᠴᠡ ᠲᠠᠢ ᠪᠤᠯᠭᠠᠵᠤ᠂ ᠤᠶᠢᠷ᠎ᠠ ᠬᠠᠪᠢ ᠶᠢᠨ ᠰᠠᠭᠤᠭᠠᠯᠢ ᠠᠷᠠᠳ ᠤᠨ ᠬᠠᠯᠠᠭᠤᠨ ᠬᠥᠷᠢᠶᠡᠯᠡᠯ ᠢ ᠤᠯᠤᠭᠰᠠᠨ ᠪᠠᠶᠢᠨ᠎ᠠ᠃      ᠡᠬᠦᠨ ᠠᠴᠠ ᠬᠤᠶᠢᠰᠢ᠂ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶ᠎ᠠ ᠨᠢ ᠬᠤᠲᠠ ᠶᠢᠨ ᠲᠥᠷᠢ ᠲᠥᠷᠬᠦ ᠶᠢ ᠰᠠᠶᠢᠵᠢᠷᠠᠭᠤᠯᠤᠨ ᠴᠡᠪᠡᠷ ᠰᠠᠶᠢᠬᠠᠨ ᠪᠠᠶᠢᠯᠭᠠᠵᠤ᠂ ᠬᠤᠭ ᠨᠤᠪᠰᠢ᠂ ᠪᠤᠵᠠᠷ ᠤᠰᠤ ᠶᠢ ᠲᠤᠷ᠎ᠠ ᠪᠠᠷ ᠬᠠᠶᠠᠵᠤ ᠠᠰᠬᠠᠬᠤ ᠵᠡᠷᠭᠡ ᠬᠠᠤᠯᠢ ᠶᠢ ᠵᠥᠷᠢᠴᠡᠭᠰᠡᠨ ᠪᠠᠶᠢᠲᠠᠯ ᠢ ᠬᠠᠤᠯᠢ ᠶᠤᠰᠤᠭᠠᠷ ᠰᠢᠳᠭᠡᠬᠦ ᠭᠥᠴᠤᠯᠡᠴᠨ ᠪᠠᠨ ᠤᠯᠠᠮ ᠨᠢᠭᠡ ᠠᠯᠬᠤᠮ ᠴᠢᠩᠭᠠᠳᠬᠠᠬᠤ ᠪᠠᠷ ᠪᠠᠶᠢᠨ᠎ᠠ᠃
 
ᠢᠷᠡᠯᠲᠡ᠄ ᠦᠤᠰᠢᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号