ᠤᠶᠢᠷ᠎ᠠ ᠶᠢᠨ ᠡᠳᠤᠷ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠡᠳ᠋ ᠡᠷᠭᠢᠯᠡᠭᠴᠢ ᠶᠠᠩ ᠮᠢᠩ᠂ ᠥᠥᠰᠢᠨᠵᠤᠤ ᠪᠠᠯᠭᠠᠰᠤᠨ ᠤ ᠴᠠᠭᠠᠨᠰᠦ᠋ᠮ᠎ᠡ ᠭᠠᠴᠠᠭᠠᠨ ᠤ | ᠴᠠᠭᠠᠨᠰᠦ᠋ᠮ᠎ᠡ ᠮᠠᠯᠵᠢᠯ ᠤᠨ ᠬᠤᠷᠰᠢᠶ᠎ᠠ ᠳᠤ ᠭᠥᠷᠴᠤ᠂ ᠠᠬᠠᠮᠳ ᠨᠠᠮ ᠤᠨ ᠭᠡᠰᠢᠭᠦᠨ ᠷᠤᠭᠢᠨᠢᠮᠢᠳᠤᠭ ᠢ ᠪᠤᠯᠭᠤᠭᠠᠨ | ᠥᠵᠡᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠤᠭᠢᠶᠠᠨ ᠪᠠᠶᠢᠭᠤᠯᠬᠤ ᠭᠡᠯᠳᠡᠰ ᠤᠨ | ᠲᠠᠷᠤᠭ᠎ᠠ ᠸᠠᠩ ᠯᠢ ᠫᠢᠩ ᠪᠤᠯᠤᠨ ᠥᠥᠰᠢᠨᠵᠤᠤ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ | ᠪᠠᠷᠠᠳᠠᠪᠠ᠃ | ᠠᠬᠠᠮᠳ ᠨᠠᠮ ᠤᠨ ᠭᠡᠰᠢᠭᠦᠨ ᠷᠤᠭᠢᠨᠢᠮᠢᠳᠤᠭ ᠶᠢᠨ ᠬᠢᠨ ᠳᠤ ᠶᠠᠩ ᠮᠢᠩ ᠨᠠᠷ ᠨᠠᠰᠤᠳᠠᠨ ᠲᠠᠢ ᠲᠤᠳᠤᠨᠤᠰᠤᠭ | ᠢᠶᠠᠷ ᠶᠠᠷᠢᠯᠴᠠᠨ᠂ ᠨᠠᠰᠤᠳᠠᠨ ᠤ ᠥᠢᠯᠡᠳᠪᠤᠷᠢᠯᠠᠯ ᠠᠮᠢᠳᠤᠷᠠᠯ ᠤᠨ ᠪᠠᠶᠢᠳᠠᠯ ᠪᠤᠯᠤᠨ ᠪᠠᠶ᠎ᠠ ᠮᠠᠬᠠᠪᠤᠳ ᠤᠨ ᠪᠠᠶᠢᠳᠠᠯ ᠢ | ᠬᠠᠯᠠᠮᠵᠢᠯᠠᠨ ᠠᠰᠠᠭᠤᠬᠤ ᠶᠢᠨ ᠬᠠᠮᠳᠤ ᠲᠤᠬᠤᠨᠢᠭᠤᠯᠭ᠎ᠠ ᠶᠢᠨ ᠮᠥᠩᠭᠦ ᠭᠥᠷᠭᠡᠭᠰᠠᠨ ᠪᠠᠶᠢᠨ᠎ᠠ᠃ ᠷᠤᠭᠢᠨᠢᠮᠢᠳᠤᠭ | 1977 ᠤᠨ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠤᠷᠤᠵᠤ᠂ ᠨᠠᠮ ᠳᠤ ᠤᠷᠤᠭᠰᠠᠨ 41 ᠵᠢᠯ ᠤᠨ | ᠲᠤᠷᠰᠢ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠥᠢᠴᠡᠳᠭᠡᠵᠤ᠂ ᠲᠤᠬᠠᠢ ᠶᠢᠨ ᠭᠠᠵᠠᠷ ᠤᠨ ᠮᠠᠯᠴᠢᠨ | ᠲᠥᠮᠡᠨ ᠳᠤ ᠪᠠᠨ ᠪᠥᠭᠦ ᠰᠠᠳᠭᠢᠯ ᠪᠥᠭᠦ ᠵᠤᠷᠢᠭ ᠢᠶᠠᠷ ᠢᠶᠠᠨ ᠥᠢᠯᠡᠴᠢᠯᠡᠭᠰᠠᠭᠡᠷ ᠢᠷᠡᠭᠰᠠᠨ ᠪᠠᠶᠢᠨ᠎ᠠ᠃ ᠶᠠᠩ ᠮᠢᠩ | ᠭᠡᠯᠡᠭᠦ ᠳᠤ ᠪᠠᠨ᠂ ᠨᠠᠰᠤᠳᠠᠨ ᠥᠪᠠᠷ ᠤᠨ ᠵᠢᠱᠢᠶᠠᠴᠢ ᠤᠶᠢᠯᠠ ᠠᠵᠢᠯᠯᠠᠭ᠎ᠠ ᠪᠠᠷ ᠢᠶᠠᠨ ᠨᠠᠮ ᠳᠤ ᠪᠠᠨ ᠦᠨᠡᠨᠴᠢ ᠨᠠᠮ | ᠳᠤ ᠪᠠᠨ ᠬᠠᠶᠢᠷᠠᠳᠠᠢ ᠪᠠᠶᠢᠬᠤ ᠪᠠᠨ ᠠᠮᠢᠳᠤᠯᠢᠭ ᠢᠶᠠᠷ ᠢᠯᠠᠷᠠᠭᠦᠯᠵᠠᠢ᠂ ᠡᠨᠡᠭᠦ ᠬᠠᠳᠠᠭᠤᠵᠢᠯᠳᠠᠢ ᠲᠠᠮᠠᠴᠠᠵᠤ ᠬᠤᠪᠢ | ᠨᠠᠮᠠᠷᠢ ᠬᠠᠨᠳᠢᠪᠯᠠᠳᠠᠭ ᠵᠤᠷᠢᠭ ᠰᠠᠨᠠᠭ᠎ᠠ ᠨᠢ ᠵᠠᠯᠠᠭᠤ ᠨᠠᠮ ᠤᠨ ᠭᠡᠰᠢᠭᠦᠳ ᠤᠨ ᠰᠤᠷᠤᠯᠴᠠᠭᠤᠰᠢᠳᠠᠢ ᠵᠥᠢᠯ ᠪᠤᠯᠬᠤ | ᠶᠤᠮ ᠭᠡᠵᠡᠢ᠃ | |