ᠬᠤᠰᠢᠭᠤ ᠠᠷᠠᠳ ᠤᠨ ᠵᠠᠰᠠᠭ ᠤᠨ ᠤᠷᠳᠤᠨ ᠤ 2018 ᠤᠨ ᠤ ᠵᠢᠷᠭᠤᠳᠤᠭᠠᠷ ᠤᠳᠠᠭᠠᠨ ᠤ ᠪᠠᠶᠢᠩᠭᠤ  ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-07-13
       ᠤᠶᠢᠷ᠎ᠠ ᠶᠢᠨ ᠡᠳᠤᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠠᠷᠠᠳ ᠤᠨ ᠵᠠᠰᠠᠭ ᠤᠨ ᠤᠷᠳᠤᠨ ᠤ 2018 ᠤᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠢ ᠡᠷᠭᠢᠯᠠᠨ ᠬᠤᠷᠠᠯᠳᠤᠭᠤᠯᠵᠤ᠂ ᠤᠷᠴᠢᠮ ᠤᠨ ᠬᠤᠭᠤᠴᠠᠭᠠᠨ ᠤ ᠭᠤᠤᠯᠳᠠᠯᠭ᠎ᠠ  ᠲᠠᠢ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠭᠰᠡᠨ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠲᠡᠳ᠋ ᠲᠠᠷᠤᠭ᠎ᠠ ᠭᠤᠤ ᠬᠤ᠋᠂ ᠵᠸᠤ ᠱᠤᠸᠠᠢ᠂ ᠪᠠᠶᠠᠠᠴᠢᠮᠡᠭ᠂ ᠯᠢ ᠬᠤᠩ ᠯᠢᠶᠠᠩ ᠪᠤᠯᠤᠨ ᠬᠤᠰᠢᠭᠤ ᠵᠠᠰᠠᠭ  ᠤᠨ ᠤᠷᠳᠤᠨ ᠤ ᠠᠯᠪᠠᠨ ᠭᠡᠷ᠂ ᠭᠥᠭᠵᠢᠭᠦᠯᠥᠯᠳᠠ ᠥᠭᠡᠷᠡᠴᠢᠯᠡᠯᠳᠠ ᠶᠢᠨ ᠲᠤᠪᠴᠢᠶ᠎ᠠ᠂ ᠲᠤᠭ᠎ᠠ ᠪᠥᠷᠢᠳᠭᠡᠯ ᠤᠨ ᠲᠤᠪᠴᠢᠶ᠎ᠠ ᠵᠡᠷᠭᠡ ᠰᠠᠯᠠᠭ᠎ᠠ ᠮᠥᠴᠢᠷ ᠵᠢᠴᠢ ᠡᠯ᠎ᠠ ᠰᠤᠮᠤ ᠪᠠᠯᠭᠠᠰᠤᠨ ᠤ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ      ᠤᠷᠴᠢᠮ ᠤᠨ ᠭᠤᠤᠯᠳᠠᠯᠭ᠎ᠠ ᠲᠠᠢ ᠠᠵᠢᠯ ᠤᠨ ᠲᠤᠬᠠᠢ ᠴᠢᠶᠤᠤ ᠶᠥᠨ ᠯᠢ ᠴᠢᠬᠤᠯᠠᠴᠢᠯᠠᠬᠤ ᠳᠤ ᠪᠠᠨ ᠠᠰᠠᠭᠤᠳᠠᠯ ᠤᠨ ᠴᠡᠭᠴᠡᠯᠠᠨ ᠰᠠᠶᠢᠵᠢᠷᠠᠭᠤᠯᠤᠯᠳᠠ ᠶᠢ ᠴᠢᠩᠭ᠎ᠠ ᠠᠳᠬᠤᠵᠤ᠂ ᠲᠥᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ︽ᠡᠷᠭᠢᠵᠤ ᠬᠠᠷᠠᠬᠤ︾ ᠬᠤᠭᠤᠴᠭᠠᠨ ᠳᠠᠬᠢ ᠰᠢᠯᠵᠢᠭᠦᠯᠤᠨ ᠰᠢᠢᠳᠪᠤᠷᠢᠯᠡᠬᠦ ᠪᠤᠯᠤᠨ ᠢᠯᠡᠷᠡᠭᠦᠯᠥᠭᠰᠠᠨ ᠠᠰᠠᠭᠤᠳᠠᠯ ᠢ ᠲᠠᠷᠤᠢ ᠲᠥᠷᠭᠡᠨ ᠴᠡᠭᠴᠡᠯᠠᠨ ᠰᠠᠶᠢᠵᠢᠷᠠᠭᠤᠯᠵᠤ᠂ ᠴᠡᠭᠴᠡᠯᠠᠨ ᠰᠠᠶᠢᠵᠢᠷᠠᠭᠤᠯᠤᠯᠳᠠ  ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠴᠠᠭ ᠤᠨ ᠭᠢᠵᠠᠭᠠᠷ ᠪᠤᠯᠤᠨ ᠬᠠᠷᠠᠯᠳᠠ ᠶᠢ ᠲᠤᠳᠤᠷᠬᠠᠶᠢᠯᠠᠨ ᠲᠤᠭᠳᠠᠭᠰᠠᠨ ᠴᠠᠭ ᠲᠤ ᠪᠠᠨ ᠴᠡᠭᠴᠡᠯᠠᠨ ᠰᠠᠶᠢᠵᠢᠷᠠᠭᠤᠯᠵᠤ᠂ ᠴᠡᠭᠴᠡᠯᠠᠨ ᠰᠠᠶᠢᠵᠢᠷᠠᠭᠤᠯᠤᠭ᠍ᠰᠡᠨ ᠪᠤᠳᠠᠳᠤ ᠥᠷ᠎ᠠ ᠪᠥᠳᠥᠮᠵᠢ ᠶᠢ ᠤᠯᠠᠨ ᠲᠥᠮᠡᠨ ᠳᠤ ᠡᠳ᠋ᠯᠠᠭᠦᠯᠭᠦ ᠭᠡᠷᠡᠭᠳᠠᠢ᠃ ᠨᠤᠳᠤᠭ ᠪᠠᠯᠴᠢᠭᠡᠷ ᠤᠨ ᠡᠷᠭᠡ ᠶᠢ ᠨᠤᠲᠠᠯᠠᠨ ᠲᠤᠭᠳᠠᠭᠠᠬᠤ ᠠᠵᠢᠯ ᠢ ᠲᠥᠷᠭᠡᠳᠭᠡᠨ ᠠᠭᠢᠭᠤᠯᠵᠤ᠂ ᠠᠵᠢᠯ ᠤᠨ ᠲᠤᠮᠳᠠ ᠢᠯᠡᠷᠡᠭᠰᠠᠨ ᠵᠥᠷᠢᠴᠠᠯ ᠵᠢᠭᠤᠷᠠᠯᠳᠤᠭᠠᠨ ᠢ ᠡᠶᠠᠳᠠᠭᠦᠯᠤᠨ ᠥᠨᠠᠮᠯᠠᠯ ᠭᠠᠷᠳᠠᠭᠤᠯᠬᠤ ᠵᠡᠷᠭᠡ ᠰᠠᠭᠦᠯᠴᠢ ᠶᠢᠨ ᠬᠤᠭᠤᠴᠠᠭᠠᠨ ᠤ ᠠᠵᠢᠯ ᠢ ᠥᠷᠭᠦᠯᠵᠢᠯᠠᠨ ᠠᠭᠢᠭᠤᠯᠬᠤ ᠭᠡᠷᠡᠭᠳᠠᠢ᠃ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠢ ᠰᠠᠶᠢᠨ ᠭᠢᠵᠤ᠂ ᠬᠠᠷᠢᠭᠤᠴᠠᠯᠭ᠎ᠠ ᠶᠢᠨ ᠨᠠᠶᠢᠳᠠᠪᠤᠷᠢᠭᠤᠯᠤᠯᠳᠠ ᠶᠢ ᠴᠢᠩᠭᠠᠳᠬᠠᠨ ᠠᠷᠭ᠎ᠠ ᠭᠡᠮᠵᠢᠶ᠎ᠠ ᠶᠢ᠂ ᠶᠠᠳᠠᠭᠤ ᠶᠢ ᠲᠠᠳᠭᠦᠭᠦ ᠥᠷ᠎ᠠ ᠪᠥᠳᠥᠮᠵᠢ ᠶᠢ ᠲᠡᠭᠡᠭᠰᠢᠯᠡᠭᠦᠯᠤᠨ ᠵᠢᠯ ᠤᠨ ᠡᠭᠦᠷᠭᠡ ᠪᠠᠨ ᠶᠠᠰᠤ ᠴᠢᠨᠠᠷ ᠲᠠᠢ ᠪᠠᠶᠠᠯᠠᠭᠦᠯᠭᠦ ᠶᠢ ᠪᠠᠳᠤᠯᠠᠬᠤ ᠭᠡᠷᠡᠭᠳᠠᠢ᠃ ᠠᠶᠤᠯᠭᠦᠢ ᠥᠢᠯᠡᠳᠪᠤᠷᠢᠯᠠᠯ ᠪᠤᠯᠤᠨ ᠲᠤᠭᠳᠠᠭᠤᠨ ᠢ ᠬᠠᠮᠠᠭᠠᠯᠠᠬᠤ ᠠᠵᠢᠯ ᠢ ᠥᠷᠭᠦᠯᠵᠢᠯᠠᠨ ᠰᠠᠶᠢᠨ ᠭᠢᠵᠤ᠂ ᠡᠯ᠎ᠠ ᠱᠠᠳᠤᠨ ᠤ ᠨᠠᠮ ᠵᠠᠰᠠᠭ ᠤᠨ ᠤᠳᠤᠷᠢᠳᠤᠯᠭ᠎ᠠ᠂ ︽ᠤᠷᠤᠨ ᠨᠤᠳᠤᠭ ᠤᠨ ᠨᠠᠮ ᠵᠠᠰᠠᠭ ᠤᠨ ᠤᠳᠤᠷᠢᠳᠤᠯᠭ᠎ᠠ ᠶᠢᠨ ᠠᠶᠤᠯᠭᠦᠢ ᠥᠢᠯᠡᠳᠪᠤᠷᠢᠯᠠᠯ ᠤᠨ ᠬᠠᠷᠢᠭᠤᠴᠠᠯᠭ᠎ᠠ ᠶᠢᠨ ᠲᠥᠷᠢᠮ ᠤᠨ ᠲᠤᠭᠳᠠᠭᠠᠯ︾ ᠢ ᠨᠠᠷᠢᠨ ᠭᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠵᠠᠰᠠᠭ ᠬᠠᠮᠳᠤᠪᠠᠷ ᠬᠠᠷᠢᠭᠤᠴᠠᠵᠦ᠂ ᠨᠢᠬᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ ᠶᠢ ᠪᠠᠷᠢᠮᠳᠠᠯᠠᠨ ᠡᠯ᠎ᠠ ᠰᠠᠯᠠᠭ᠎ᠠ ᠤᠨ ᠮᠥᠴᠢᠷ ᠭᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠨ᠂ ᠠᠶᠤᠯᠭᠦᠢ ᠥᠢᠯᠳᠪᠤᠷᠢᠯᠠᠯ ᠤᠨ ᠲᠠᠯᠳᠠ ᠭᠡᠮ ᠢ ᠪᠠᠶᠢᠴᠠᠭᠠᠨ ᠴᠡᠭᠴᠡᠯᠠᠭᠦ ᠠᠵᠢᠯ ᠢ ᠥᠷᠭᠦᠯᠵᠢᠯᠠᠨ ᠴᠢᠩᠭ᠎ᠠ ᠠᠳᠬᠤᠵᠤ᠂ ᠡᠯ᠎ᠠ ᠲᠥᠷᠤᠯ ᠤᠨ ᠵᠥᠷᠢᠴᠠᠯ ᠵᠢᠭᠤᠷᠠᠯᠳᠤᠭᠠᠨ ᠢ ᠴᠠᠭ ᠲᠠᠷᠤᠢ ᠳᠤ ᠨᠢ ᠡᠶᠠᠳᠡᠭᠦᠯᠤᠨ ᠪᠥᠭᠦ ᠬᠤᠰᠢᠭᠤᠨ ᠤ ᠠᠵᠤ ᠠᠬᠤᠢ ᠨᠡᠶᠢᠭᠡᠮ ᠤᠨ ᠡᠷᠡᠭᠦᠯ ᠥᠷᠭᠦᠯᠵᠢᠯᠡᠭᠰᠠᠨ ᠭᠥᠭᠵᠢᠯᠳᠠ ᠳᠤ ᠡᠶ᠎ᠡ ᠵᠤᠭᠢᠴᠠᠯ ᠲᠠᠢ ᠲᠤᠭᠳᠠᠭᠤᠨ ᠰᠠᠶᠢᠨ ᠰᠠᠶᠢᠬᠠᠨ ᠭᠥᠭᠵᠢᠯᠳᠠ ᠶᠢᠨ ᠤᠷᠴᠢᠨ ᠢ ᠪᠥᠷᠢᠯᠳᠤᠭᠦᠯᠭᠦ ᠭᠡᠷᠡᠭᠳᠠᠢ ᠭᠡᠵᠡᠢ᠃      ᠬᠤᠷᠠᠯ ᠲᠡᠭᠡᠷ᠎ᠡ ︽ᠥᠥᠰᠢᠨ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠤᠰᠤᠨ ᠤ ᠥᠨ᠎ᠠ ᠶᠢᠨ ᠶᠡᠷᠤᠩᠬᠡᠶᠢᠯᠡᠭᠰᠡᠨ ᠦᠭᠡᠷᠴᠢᠯᠡᠯᠲᠡ ᠶᠢᠨ ᠭᠡᠷᠡᠭᠵᠢᠭᠦᠯᠭᠦ ᠲᠥᠰᠥᠯ︾ ᠢ ᠭᠢᠨᠠᠨ ᠵᠥᠪᠯᠠᠭᠦ ᠶᠢᠨ ᠬᠠᠮᠳᠤ ᠨᠠᠶᠢᠳᠠ ᠶᠢᠨ ᠠᠰᠠᠷᠠᠮᠵᠢ ᠶᠢᠨ ᠴᠢᠨᠠᠷ ᠲᠠᠢ ᠠᠵᠢᠯ ᠤᠨ ᠪᠠᠶᠢᠷᠢ ᠶᠢᠨ ᠨᠡᠭᠡᠭᠡᠯᠳᠠ᠂ ᠮᠠᠯᠵᠢᠬᠤ ᠲᠠᠷᠢᠶᠠᠯᠠᠬᠤ ᠤᠷᠤᠨ ᠤ ᠵᠠᠮ ᠤᠨ ᠪᠥᠳᠥᠭᠡᠨ ᠪᠠᠶᠢᠭᠤᠯᠤᠯᠳᠠ ᠵᠡᠷᠭᠡ ᠪᠤᠰᠤᠳ ᠶᠠᠪᠤᠳᠠᠯ ᠢ ᠰᠤᠳᠤᠯᠤᠨ ᠶᠠᠷᠢᠯᠴᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号