ᠤᠶᠢᠷ᠎ᠠ ᠶᠢᠨ ᠡᠳᠤᠷ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠭᠢᠯᠡᠭᠴᠢ᠂ ᠴᠢ᠊ ᠪᠢᠰᠢᠷᠠᠯᠳᠤ ᠮᠠᠨ ᠤ ᠬᠤᠰᠢᠭᠤᠨ ᠳᠤ ᠢᠷᠠᠵᠤ᠂ ᠶᠠᠳᠠᠭᠤ ᠶᠢ ᠲᠠᠳᠭᠦᠭᠦ ᠠᠵᠢᠯ ᠤᠨ | ᠠᠭᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃ ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠵᠠᠩ ᠶᠤᠸᠢ ᠴᠢᠩ᠂ | ᠶᠠᠩ ᠮᠢᠩ᠂ ᠸᠠᠩ ᠫᠢᠩ ᠪᠤᠯᠤᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ | ᠲᠠᠳ᠋ ᠲᠠᠷᠤᠭ᠎ᠠ ᠴᠢᠶᠤᠤ ᠠᠢ ᠫᠢᠩ ᠵᠢᠴᠢ ᠬᠤᠳᠠ ᠬᠤᠰᠢᠭᠤᠨ ᠤ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ | ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃ | ᠴᠢ᠊ ᠪᠢᠰᠢᠷᠠᠯᠳᠤ ᠨᠠᠷ ᠤᠷᠢᠳ ᠬᠤᠵᠢᠳ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶᠠᠨ ᠤ ᠲᠠᠳᠭᠦᠨ ᠲᠠᠮᠵᠢᠭᠦ ᠴᠡᠭ ᠪᠤᠯᠬᠤ ᠭᠠᠯᠠᠭᠤᠳᠤ ᠪᠠᠯᠭᠠᠰᠤᠨ ᠤ ᠭᠥᠭᠡᠨᠠᠭᠤᠷ ᠭᠠᠴᠠᠭ᠎ᠠ | ᠶᠢᠨ ᠶᠠᠷᠤᠩᠭᠡᠶᠢᠯᠡᠭᠰᠠᠨ ᠥᠢᠯᠡᠴᠢᠯᠡᠭᠡᠨ ᠤ ᠲᠤᠰᠬᠠᠢ ᠬᠤᠷᠰᠢᠶ᠎ᠠ ᠪᠠᠷ ᠭᠥᠷᠴᠤ᠂ ᠨᠤᠤᠰᠤ ᠬᠠᠳᠠᠭᠠᠯᠠᠬᠤ ᠭᠥᠮᠤᠷᠭᠡ | ᠪᠤᠯᠤᠨ ᠲᠠᠷᠢᠶᠠᠯᠠᠩ ᠤᠨ ᠮᠠᠰᠢᠨ ᠤ ᠥᠢᠯᠡᠴᠢᠯᠭᠡᠨ ᠤ ᠲᠥᠪ ᠤᠨ ᠲᠥᠷᠥᠯ ᠵᠥᠢᠯ ᠤᠨ ᠡᠷᠭᠢᠯᠳᠠ ᠶᠢᠨ ᠪᠠᠶᠢᠳᠠᠯ ᠳᠤ | ᠪᠠᠶᠢᠴᠠᠭᠠᠨ ᠰᠤᠳᠤᠯᠤᠯᠳᠠ ᠭᠢᠪᠠ᠃ ᠲᠤᠰ ᠲᠥᠷᠥᠯ ᠵᠥᠢᠯ ᠨᠢ ᠬᠤᠳᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰᠬᠤᠨ ᠳᠤ ᠰᠠᠭᠤᠭ᠎ᠠ ᠠᠵᠢᠯᠳᠠᠳ ᠤᠨ ᠨᠢᠭᠡ ᠰᠠᠷ᠎ᠠ ᠶᠢᠨ | ᠬᠤᠭᠤᠴᠠᠭᠠᠨ ᠤ ᠢᠳᠡᠪᠭᠢᠳᠠᠢ ᠬᠠᠮᠵᠢᠯᠴᠠᠭ᠎ᠠ ᠪᠠᠷ ᠳᠠᠮᠵᠢᠨ ᠨᠤᠤᠰᠤ ᠬᠠᠳᠠᠭᠠᠯᠠᠬᠤ ᠭᠥᠮᠤᠷᠭᠡ ᠨᠢ ᠭᠡᠷᠡᠭᠯᠡᠯᠳᠠ ᠳᠤ | ᠤᠷᠤᠵᠤ᠂ ᠲᠠᠷᠢᠶᠠᠯᠠᠩ ᠤᠨ ᠮᠠᠰᠢᠨ ᠤ ᠥᠢᠯᠡᠴᠢᠯᠡᠭᠡᠨ ᠤ ᠲᠥᠪ ᠤᠨ ᠮᠠᠰᠢᠨ ᠲᠤᠨᠤᠭ ᠨᠢ ᠴᠤ ᠪᠥᠭᠦᠨ ᠢᠶᠠᠷ ᠢᠶᠠᠨ | ᠤᠷᠤᠨᠵᠢᠭᠰᠠᠨ ᠪᠠᠶᠢᠨ᠎ᠠ᠃ ᠴᠢ᠊ ᠪᠢᠰᠢᠷᠠᠯᠳᠤ ᠨᠠᠷ ᠨᠤᠤᠰᠤ ᠬᠠᠳᠠᠭᠠᠯᠠᠬᠤ ᠭᠥᠮᠤᠷᠭᠡ ᠶᠢᠨ ᠡᠷᠭᠢᠯᠳᠠ ᠶᠢᠨ ᠪᠠᠶᠢᠳᠠᠯ ᠢ | ᠤᠶᠢᠯᠠᠭᠠᠭᠰᠠᠨ ᠤ ᠲᠠᠷᠠᠭ᠎ᠠ ᠴᠢᠬᠤᠯᠠᠴᠢᠯᠠᠬᠤ ᠳᠤ ᠪᠠᠨ ᠬᠤᠷᠰᠢᠶᠠᠵᠢᠯ ᠤᠨ ᠥᠢᠯᠡᠳᠤᠯ ᠢᠶᠠᠨ ᠭᠥᠢᠴᠡᠳ | ᠪᠠᠳᠠᠷᠠᠭᠤᠯᠵᠤ᠂ ᠤᠷᠳᠤᠰ ᠤᠨ ᠨᠠᠷᠢᠨ ᠨᠤᠤᠰᠤᠳᠤ ᠬᠤᠨᠢᠨ ᠤ ᠭᠤᠤᠯ ᠭᠠᠷᠤᠯᠳᠠᠲᠤ ᠤᠷᠤᠨ ᠤ ᠲᠠᠪᠠᠭᠤᠯᠢᠭ ᠡᠭᠢ | ᠪᠠᠶᠠᠯᠢᠭ ᠢᠶᠠᠨ ᠠᠰᠢᠭᠯᠠᠨ᠂ ᠵᠠᠬ᠎ᠠ ᠲᠡᠯᠭᠡᠭᠦᠷ ᠢ ᠠᠩᠬᠠᠷᠤᠨ᠂ ᠠᠵᠠ ᠲᠤᠭᠢᠶᠠᠯ ᠢ ᠡᠵᠡᠮᠳᠠᠵᠤ᠂ ᠤᠶᠢᠷ᠎ᠠ ᠬᠠᠪᠢ ᠶᠢᠨ | ᠨᠠᠩ ᠤᠯᠠᠨ ᠮᠠᠯᠴᠢᠨ ᠲᠠᠷᠢᠶᠠᠴᠢᠨ ᠢ ᠲᠠᠶᠢᠴᠢᠯᠠᠨ ᠪᠠᠶᠠᠵᠢᠨ ᠴᠢᠨᠡᠭᠡᠯᠢᠭᠵᠢᠭᠦᠯᠭᠦ ᠭᠡᠷᠡᠭᠳᠠᠢ ᠭᠡᠵᠡᠢ᠃ ᠭᠥᠴᠢᠷᠳᠠᠯᠳᠠᠢ | ᠡᠷᠤᠭᠡ ᠪᠤᠩᠬᠤᠯᠠᠢ ᠶᠢᠨ ᠭᠡᠷ ᠲᠤ ᠴᠢ᠊ ᠪᠢᠰᠢᠷᠠᠯᠳᠤ ᠨᠠᠷ ᠨᠠᠰᠤᠳᠠᠨ ᠲᠠᠢ ᠲᠤᠳᠤᠨᠤᠰᠤᠭ ᠢᠶᠠᠷ ᠶᠠᠷᠢᠯᠴᠠᠨ ᠡᠪᠡᠳᠴᠢᠨ | ᠠᠴᠠ ᠪᠤᠯᠵᠤ ᠶᠠᠳᠠᠭᠤᠷᠠᠭᠰᠠᠨ ᠰᠢᠯᠳᠠᠭᠠᠨ ᠪᠠ ᠭᠥᠳᠡᠯᠮᠤᠷᠢ ᠭᠥᠴᠥ ᠲᠤᠳᠠᠭᠳᠠᠵᠤ ᠪᠠᠶᠢᠭ᠎ᠠ ᠪᠠᠶᠢᠳᠠᠯ ᠢ ᠤᠶᠢᠯᠠᠭᠠᠵᠤ | ᠮᠠᠳᠡᠭᠰᠠᠨ ᠤ ᠲᠠᠷᠠᠭ᠎ᠠ᠂ ᠬᠤᠯᠪᠤᠭᠳᠠᠯ ᠪᠥᠭᠦᠢ ᠰᠠᠯᠭ᠎ᠠ ᠮᠥᠴᠢᠷ ᠤᠨ ᠨᠠᠷᠢᠯᠢᠭ ᠤᠨᠤᠪᠴᠢᠳᠠᠢ ᠪᠠᠷ ᠶᠠᠳᠠᠭᠤ ᠶᠢ | ᠲᠠᠳᠭᠦᠭᠦ ᠠᠵᠢᠯ ᠢ ᠲᠤᠶᠢᠯᠪᠤᠷᠢᠳᠠᠢ ᠥᠷᠨᠢᠭᠦᠯᠭᠦ ᠶᠢ ᠱᠠᠭᠠᠷᠳᠠᠵᠠᠢ᠃ | ᠴᠢ᠊ ᠪᠢᠰᠢᠷᠠᠯᠳᠤ ᠨᠠᠷ ᠪᠠᠰᠠ ᠳᠤ ᠵᠢᠶᠠᠨ ᠫᠢᠩ ᠤᠨ ᠭᠡᠷ ᠲᠤ ᠭᠥᠷᠴᠤ ᠲᠠᠳᠠᠨ ᠤ ᠮᠠᠯ ᠤᠨ ᠬᠠᠰᠢᠶ᠎ᠠ | ᠰᠠᠷᠠᠪᠴᠢ᠂ ᠭᠠᠭ᠋ᠠᠢ ᠶᠢᠨ ᠭᠥᠷᠢᠶ᠎ᠠ᠂ ᠴᠠᠭᠢᠯᠭᠠᠨ ᠬᠤᠳᠳᠤᠭ ᠵᠡᠷᠭᠡ ᠶᠢᠨ ᠰᠠᠭᠤᠷᠢ ᠲᠥᠭᠦᠭᠡᠷᠤᠮᠵᠢ ᠶᠢ ᠪᠠᠶᠢᠴᠠᠭᠠᠨ | ᠦᠵᠡᠭᠰᠡᠨ ᠤ ᠲᠠᠷᠠᠭ᠎ᠠ ᠲᠠᠳᠠᠨ ᠤ ᠰᠠᠭᠤᠷᠢ ᠲᠥᠭᠦᠭᠡᠷᠤᠮᠵᠢ ᠥᠨᠳᠤᠰᠤᠨ ᠳᠤ ᠪᠠᠨ ᠪᠥᠷᠢᠳᠥᠵᠤ ᠤᠳᠤᠬᠠᠨ ᠳᠤ ᠮᠠᠯ | ᠲᠠᠵᠢᠭᠡᠪᠤᠷᠢ ᠶᠢᠨ ᠮᠠᠷᠭᠡᠵᠢᠯ ᠤᠨ ᠵᠢᠯᠤᠭᠤᠳᠤᠯᠭ᠎ᠠ ᠲᠤᠳᠠᠭᠳᠠᠵᠤ ᠪᠠᠶᠢᠨ᠎ᠠ ᠭᠡᠵᠤ ᠥᠵᠠᠵᠠᠢ᠃ ᠳᠤ ᠵᠢᠶᠠᠨ ᠫᠢᠩ ᠤᠨ | ᠠᠪᠤ ᠡᠵᠢ ᠶᠢᠨ ᠬᠢᠨ ᠤ ᠡᠪᠡᠳᠴᠢᠨ ᠤ ᠪᠠᠶᠢᠳᠠᠯ ᠢ ᠤᠶᠢᠯᠭᠠᠭᠰᠠᠨ ᠤ ᠲᠠᠷᠠᠭ᠎ᠠ ᠬᠠᠮᠢᠶ᠎ᠠ ᠪᠦᠬᠦᠢ ᠰᠠᠯᠠᠭ᠎ᠠ ᠮᠥᠴᠢᠷ | ᠤᠨ ᠬᠢᠨ ᠢ ᠬᠤᠯᠪᠤᠭᠳᠠᠯ ᠪᠥᠭᠦᠢ ᠠᠰᠠᠭᠤᠳᠠᠯ ᠢ ᠰᠠᠶᠢᠨ ᠰᠢᠢᠳᠪᠤᠷᠢᠯᠡᠬᠦ ᠶᠢᠨ ᠬᠠᠮᠳᠤ ᠲᠠᠷᠢᠮᠠᠯ ᠲᠠᠵᠢᠭᠡᠪᠤᠷᠢ ᠶᠢᠨ | ᠮᠡᠷᠭᠡᠵᠯ ᠤᠨ ᠵᠢᠯᠤᠭᠤᠳᠤᠯᠭ᠎ᠠ ᠶᠢ ᠰᠠᠶᠢᠨ ᠭᠢᠵᠤ᠂ ᠲᠠᠳᠠᠨ ᠢ ᠡᠷᠳᠡᠭᠡᠨ ᠶᠠᠳᠠᠭᠤ ᠠᠴᠠ ᠠᠩᠭᠢᠵᠢᠷᠠᠭᠤᠯᠵᠤ | ᠴᠢᠨᠡᠭᠡᠯᠢᠭᠵᠢᠭᠦᠯᠭᠦ ᠶᠢ ᠱᠠᠭᠠᠷᠳᠠᠵᠠᠢ᠃ |