ᠪᠦ᠋ ᠰᠢᠶᠤᠤ ᠯᠢᠨ ᠪᠢᠴᠢᠭ ᠢᠶᠠᠷ ᠶᠠᠷᠢᠶ᠎ᠠ ᠲᠠᠯᠪᠢᠪᠠ | ᠤᠢᠢᠷ᠎ᠡ ᠶᠢᠨ ᠡᠳᠦᠷ᠂ ᠪᠦᠬᠦ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ | ᠬᠤᠷᠠᠯ ᠬᠦᠬᠡᠬᠤᠳᠠ ᠳᠤ ᠬᠤᠷᠠᠯᠳᠤᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦ᠋ᠵᠢ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠵᠤ ᠶᠠᠷᠢᠶ᠎ᠠ | ᠲᠠᠯᠪᠢᠬᠤ ᠳᠤ ᠪᠠᠨ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯᠤᠨ ᠪᠦᠬᠦ | ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ | ᠬᠦ᠋ᠨᠵᠡᠭᠡᠢ ᠰᠤᠷᠤᠯᠴᠠᠨ ᠲᠤᠤᠱᠯᠠᠭᠤᠯᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠬᠦᠴᠦᠯᠡᠨ | ᠴᠢᠩᠭᠠᠳᠬᠠᠵᠤ᠂ ᠪᠤᠬᠢᠷᠳᠦᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠳᠤᠷ | ᠬᠢᠵᠤ᠂ ᠡᠭᠡ ᠤᠯᠤᠰ ᠤᠨ ᠤᠮᠠᠷᠠᠳᠣ ᠬᠢᠯᠢ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ | ᠴᠤᠬᠴᠠᠯᠠᠬᠤ ᠬᠡᠷᠡᠭᠳᠡᠢ ᠬᠡᠵᠤ ᠴᠢᠬᠤᠯᠠᠴᠢᠯᠠᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ ᠪᠢᠴᠢᠭ ᠢᠶᠠᠷ ᠶᠠᠷᠢᠶ᠎ᠠ ᠲᠠᠯᠪᠢᠪᠠ᠃ ᠥᠪᠡᠷᠳᠡᠬᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ | ᠵᠢᠶᠠᠨ ᠮᠢᠨ ᠬᠤᠷᠠᠯ ᠢ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ | ᠳ᠋ᠦᠩᠨᠡᠯᠳᠡ ᠶᠢᠨ ᠵᠠᠷᠢᠶᠠ ᠲᠠᠯᠪᠢᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ | ᠵᠦᠪᠯᠡᠯᠭᠡᠨ ᠪᠤᠯᠤᠨ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠬᠠᠮᠢᠶ᠎ᠠ ᠪᠦᠬᠦᠢ ᠤᠳᠤᠷᠢᠳᠬᠤ ᠨᠦᠭᠦᠳ᠂ | ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ᠂ ᠥᠪᠡᠷᠳᠡᠬᠡᠨ | ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ᠂ ᠵᠡᠪᠰᠡᠭᠳᠦ ᠴᠠᠬᠳᠠᠭᠠᠨ ᠤ | ᠦᠪᠦᠷ ᠮᠤᠩᠭᠤᠯ ᠤᠨ ᠶᠡᠷᠦᠩᠬᠡᠢ ᠠᠩᠬᠢ ᠶᠢᠨ ᠺᠤᠮᠠᠨᠳᠠᠯᠠᠬᠴᠢ ᠬᠤᠷᠠᠯ ᠳᠤ ᠤᠷᠤᠯᠴᠠᠵᠠᠢ᠃ | ᠯᠢ ᠵᠢᠢ ᠾᠧᠩ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢᠨ | ᠠᠭᠤᠯᠤᠬᠳᠠᠬᠤᠨ ᠪᠠᠶᠠᠯᠢᠭ᠂ ᠤᠳᠬ᠎ᠠ ᠰᠠᠨᠠᠭ᠎ᠠ ᠬᠦᠨ ᠪᠠᠶᠢᠵᠤ᠂ ᠮᠠᠷᠺᠰ ᠤᠨ ᠦᠵᠡᠯ ᠤᠨ ᠬᠦᠮᠦᠨ ᠲᠦᠷᠦᠯᠬᠢᠳᠡᠨ | ᠬᠢᠭᠡᠳ ᠪᠠᠶᠢᠭᠠᠯᠢ ᠶᠢᠨ ᠬᠠᠷᠢᠴᠠᠭᠠᠨ ᠤ ᠤᠨᠤᠯ ᠤᠨ ᠰᠢᠨ᠎ᠠ ᠠᠬᠤᠢ ᠪᠠᠶᠢᠳᠠᠯ ᠢ ᠡᠭᠦᠳᠴᠤ᠂ ᠮᠠᠨ ᠤ ᠤᠯᠤᠰ ᠤᠨ | ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠡᠤᠭᠡᠳᠦ ᠴᠢᠨᠠᠷᠳᠠᠢ᠂ ᠡᠷᠬᠢᠯᠳᠡ ᠶᠢᠨ ᠴᠢᠨᠠᠷᠳᠠᠢ᠂ ᠪᠦᠬᠦ | ᠲᠠᠯ᠎ᠠ ᠶᠢᠨ ᠴᠢᠨᠠᠷᠳᠠᠢ ᠬᠤᠪᠢᠷᠠᠯᠳᠠ ᠶᠢ ᠬᠦᠳᠦᠯᠦᠨ ᠵᠢᠯᠤᠭᠤᠳᠪᠠ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ︽ | ᠲᠦᠷᠪᠡᠨ ᠤᠬᠠᠮᠰᠠᠷ︾ ᠢ ᠪᠠᠳᠤ ᠪᠤᠢ ᠪᠤᠯᠭᠠᠨ᠂ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠵᠤ᠂ ᠰᠢ ᠶᠢᠨ | ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ | ᠰᠤᠷᠤᠯᠴᠠᠨ ᠮᠡᠳᠡᠵᠤ ᠨᠡᠪᠳᠡᠷᠡᠳᠡᠯ᠎ᠠ ᠤᠶᠢᠯᠠᠭᠠᠵᠤ ᠪᠤᠳᠠᠳᠠᠶᠢᠵᠢᠭᠤᠯᠬᠤ ᠲᠡᠭᠡᠷ᠎ᠠ ᠬᠦᠴᠦ ᠤᠷᠤᠭᠤᠯᠵᠤ᠂ ᠪᠤᠳᠠᠳᠤ | ᠡᠵᠢᠯᠯᠠᠭ᠎ᠠ ᠪᠤᠯᠤᠨ ᠰᠢᠯᠢᠳᠡᠭ ᠠᠮᠵᠢᠯᠳᠡ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠡᠷᠭᠡ ᠰᠦᠷ ᠪᠤᠯᠤᠨ | ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ | ᠨᠠᠮ ᠤᠨ ᠲᠦ᠋ᠪ ᠬᠤᠷᠢᠶ᠎ᠠ ᠶᠢᠨ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠡᠷᠡᠰ | ᠬᠠᠮᠠᠭᠠᠯᠠᠬᠤ ᠬᠡᠷᠡᠭᠳᠡᠢ ᠬᠡᠵᠤ ᠵᠢᠭᠠᠵᠤ ᠭᠠᠷᠭᠠᠵᠠᠢ᠃ | ᠯᠢ ᠵᠢᠢ ᠾᠧᠩ᠂ ᠤᠷᠤᠨ ᠲᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ | ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠲᠤᠬᠠᠢ ᠨᠠᠨᠳᠢᠨ ᠬᠦᠰᠡᠯ ᠨᠡᠶᠢᠳᠡᠯᠭ᠎ᠠ ᠶᠢ ᠪᠠᠳᠤ | ᠴᠡᠭᠡᠵᠢᠯᠡᠵᠤ᠂ ᠵᠦᠪ ᠬᠦᠭᠵᠢᠯᠳᠡ ᠶᠢᠨ ᠦᠵᠡᠯᠳᠡ ᠪᠤᠯᠤᠨ ᠠᠵᠢᠯ ᠤᠨ ᠠᠮᠵᠢᠯᠳᠠ ᠪᠦᠳᠦᠮᠵᠢ ᠶᠢᠨ ᠦᠵᠡᠯᠳᠡ ᠶᠢ | ᠪᠠᠳᠤ ᠪᠤᠢ ᠪᠤᠯᠭᠠᠨ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠳᠠᠬᠢ ᠲᠤᠪᠤᠶᠢᠮ᠎ᠠ ᠠᠰᠠᠭᠤᠳᠠᠯ ᠢ ᠥᠨᠡᠨ | ᠭᠦ ᠰᠢᠢᠳᠪᠦᠷᠢᠯᠡᠵᠤ᠂ ᠡᠭᠡ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠠᠬᠪᠴᠢ ᠶᠢ ᠪᠠᠳᠤ ᠴᠤᠬᠴᠠᠯᠠᠬᠤ ᠳᠤ ᠥᠷᠬᠦᠯᠵᠢᠯᠡᠨ ᠬᠦᠴᠦ ᠤᠷᠤᠭᠤᠯᠬᠤ ᠬᠡᠷᠡᠭᠳᠡᠢ᠃ ᠬᠦᠭᠡ ᠤᠬᠳᠠᠷᠭᠤᠢ᠂ | ᠴᠡᠩᠬᠡᠷ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠵᠤ ᠢᠯᠠᠯᠳᠠ ᠤᠯᠵᠤ᠂ | ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ | ᠶᠡᠭᠡ ᠪᠠᠷ ᠦᠷᠨᠢᠭᠦᠯᠵᠤ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠯᠪᠢᠨ ᠰᠡᠷᠭᠦᠭᠡᠬᠦ ᠠᠵᠢᠯ ᠢ ᠴᠢᠩᠭᠠᠳᠬᠠᠨ᠂ | ᠪᠤᠬᠢᠷᠳᠦᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠪᠦᠬᠦ ᠲᠠᠯ᠎ᠠ ᠪᠠᠷ | ᠲᠡᠮᠡᠴᠡᠨ ᠤᠯᠬᠤ ᠬᠡᠷᠡᠭᠳᠡᠢ᠃ ᠪᠤᠬᠢᠷᠳᠦᠯ ᠦᠭᠡᠢ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠵᠤ᠂ ᠪᠤᠬᠢᠷᠳᠦᠯ | ᠦᠭᠡᠢ ᠬᠦᠭᠵᠢᠯᠳᠡ ᠶᠢᠨ ᠠᠷᠭ᠎ᠠ ᠬᠡᠯᠪᠡᠷᠢ ᠶᠢ ᠲᠦᠷᠭᠡᠳᠭᠡᠨ ᠪᠦᠷᠢᠯᠳᠦᠭᠦᠯᠵᠤ᠂ ᠬᠦᠭᠡᠮᠳᠦᠭ ᠨᠤᠭᠤᠭᠠᠨ ᠠᠭᠤᠯᠠ | ᠤᠰᠤ ᠶᠢᠨ ᠦᠩᠭᠡ ᠲᠦᠷᠭᠦ ᠶᠢ ᠰᠠᠶᠢᠵᠢᠷᠠᠭᠤᠯᠤᠨ ᠠᠯᠳᠠ ᠮᠦᠩᠭᠦᠨ ᠠᠭᠤᠯᠠ ᠶᠢᠨ ︽ᠦᠨ᠎ᠡ ᠦᠷᠳᠡᠭ︾ ᠢ | ᠨᠡᠮᠡᠭᠳᠡᠭᠦᠯᠭᠦ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠭᠤᠤᠯ ᠴᠤᠬᠴᠠ ᠶᠢᠨ | ᠬᠠᠷᠢᠭᠤᠴᠠᠯᠭ᠎ᠠ ᠪᠠᠨ ᠦᠨᠡᠨ ᠭᠦ ᠡᠭᠦᠷᠭᠡᠯᠡᠵᠤ᠂ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠢᠨ ︽ᠨᠢᠭᠡ ᠠᠵᠢᠯ ᠤᠨ | ᠪᠠᠶᠢᠷᠢ ᠬᠤᠤᠰ ᠬᠠᠷᠢᠭᠤᠴᠠᠯᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠰᠠᠶᠢᠳᠤᠷ ᠨᠡᠶᠢᠳᠡᠪᠦᠷᠢᠵᠢᠭᠤᠯᠵᠤ᠂ ᠲᠦᠪ ᠤᠨ | ᠪᠠ ᠦᠪᠡᠷᠳᠡᠭᠡᠨ ᠵᠠᠰᠠᠬᠤ ᠤᠷᠤᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠢ ᠳᠤ | ᠨᠡᠶᠢᠳᠡᠪᠦᠷᠢᠵᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃ | ᠪᠦ᠋ ᠰᠢᠶᠤᠤ ᠯᠢᠨ᠂ ᠶᠡᠷᠦᠩᠬᠡᠢ ᠱᠦᠵᠢ ᠰᠢ ᠶᠢᠨ ᠫᠢᠩ ᠤᠨ ᠠᠮᠢ ᠡᠬᠤᠢ ᠶᠢᠨ ᠪᠤᠯᠪᠠᠰᠤᠨ ᠤ ᠦᠵᠡᠯ | ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠤᠯᠤᠰ | ᠲᠦ᠋ᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠤ᠂ ᠠᠮᠢ ᠠᠬᠤᠢ ᠤᠷᠴᠢᠨ ᠲᠤᠭᠤᠷᠢᠨ ᠤ ᠲᠤᠪᠤᠶᠢᠮ᠎ᠠ | ᠠᠰᠠᠭᠤᠳᠠᠯ ᠢ ᠰᠢᠢᠳᠪᠦᠷᠢᠯᠡᠭᠦ ᠶᠢ ᠠᠷᠠᠳ ᠤᠨ ᠡᠮᠢᠳᠤᠷᠠᠯ ᠤᠨ ᠠᠵᠢᠯ ᠤᠨ ᠢᠶᠠᠨ ᠤᠷᠢᠳᠠᠪᠡᠷ ᠬᠢᠭᠦ ᠬᠦᠷᠢᠶ᠎ᠠ ᠴᠠᠷᠠᠭ᠎ᠠ | ᠪᠤᠯᠭᠠᠵᠤ᠂ ᠪᠤᠬᠢᠷᠳᠦᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠭᠦ | ᠬᠡᠷᠡᠭᠳᠡᠢ᠃ ᠪᠤᠬᠢᠷᠳᠦᠯ ᠦᠭᠡᠢ ᠬᠦ᠋ᠭᠵᠢᠯᠳᠡ ᠶᠢ ᠠᠬᠢᠭᠤᠯᠵᠤ᠂ ᠠᠵᠤ ᠦᠢᠯᠡᠰ ᠤᠨ ᠠᠮᠢ ᠠᠬᠤᠢᠢᠵᠢᠯᠳᠠ᠂ ᠠᠮᠢ | ᠡᠬᠤᠢ ᠶᠢᠨ ᠠᠵᠤ ᠦᠢᠯᠡᠰᠵᠢᠯᠳᠡ ᠪᠠᠷ ᠭᠤᠤᠯ ᠴᠤᠬᠴᠠ ᠪᠠᠨ ᠪᠤᠯᠭᠠᠬᠰᠠᠨ ᠠᠮᠢ ᠡᠬᠤᠢ ᠶᠢᠨ ᠠᠵᠤ ᠠᠬᠤᠢ ᠶᠢᠨ | ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠳᠡᠢ᠃ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠯᠪᠢᠨ | ᠰᠡᠷᠭᠦᠭᠡᠬᠦ ᠠᠵᠢᠯ ᠢ ᠠᠬᠢᠭᠤᠯᠵᠤ᠂ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠬᠤ ᠬᠡᠷᠡᠭᠳᠡᠢ᠃ ᠬᠠᠤᠯᠢᠵᠢᠯ ᠤᠨ ᠰᠡᠳᠬᠢᠭᠦᠢ ᠪᠠᠨ ᠴᠢᠩᠭᠠᠳᠬᠠᠨ᠂ | ᠠᠮᠢ ᠡᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ᠂ ᠬᠠᠤᠯᠢᠵᠢᠯ ᠤᠨ ᠲᠦ᠋ᠪᠰᠢᠨ ᠢ ᠲᠡᠭᠡᠭᠰᠢᠯᠡᠭᠦᠯᠭᠦ | ᠬᠡᠷᠡᠭᠳᠡᠢ᠃ ᠪᠦᠬᠦ ᠨᠡᠶᠢᠭᠡᠮ ᠳᠤ ᠪᠤᠬᠢᠷᠳᠦᠯ ᠥᠬᠡᠢ ᠬᠦᠭᠵᠢᠯᠳᠡ ᠶᠢᠨ ᠤᠢᠢᠯᠠᠭᠠᠬᠳᠠᠬᠤᠨ ᠢ ᠰᠠᠨᠠᠭᠠᠴᠢᠯᠠᠵᠤ᠂ ᠤᠯᠠᠨ | ᠨᠡᠶᠢᠳᠡ ᠶᠢᠨ ᠪᠠᠶᠢᠭᠤᠯᠤᠮᠵᠢ ᠢᠯᠠᠩᠭᠤᠶ᠎ᠡ ᠨᠠᠮ ᠵᠠᠰᠠᠭ ᠤᠨ ᠪᠠᠶᠢᠭᠤᠯᠤᠮᠵᠢ ᠪᠦᠭᠦ ᠨᠡᠶᠢᠭᠡᠮ ᠤᠨ ᠡᠮᠦᠨ᠎ᠠ ᠡ᠊ᠩᠨᠡᠭᠡᠨ ᠳᠤ | ᠬᠤᠰᠢᠭᠤᠷᠠᠨ ᠬᠡᠪ ᠲᠠᠭᠤᠷᠢᠶᠠᠯ ᠦᠵᠡᠭᠦᠯᠭᠦ ᠬᠡᠷᠡᠭᠳᠡᠢ ᠬᠡᠵᠤ ᠴᠢᠬᠤᠯᠠᠴᠢᠯᠠᠪᠠ᠃ | ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ᠃ | ᠬᠤᠰᠢᠭᠤ ᠤᠳᠤᠷᠢᠳᠤᠯᠭ᠎ᠠ ᠵᠢᠷᠭᠠᠯᠲᠤ᠂ ᠴᠢᠶᠤᠤ ᠶᠥᠨ ᠯᠢ᠂ ᠪᠤᠶᠠᠨᠮᠠᠨᠳᠤᠬᠤ᠂ ᠬᠤᠤ ᠸᠧᠢ᠂ ᠰᠤᠷᠭᠠᠯᠲᠤ᠂ | ᠯᠠᠨ ᠲᠢᠶᠠᠨ᠂ ᠵᠠᠩ ᡁᠢ ᠰᠢᠦ᠋ᠩ᠂ ᠹᠧᠩ ᡁᠢ ᠮᠢᠩ᠂ ᠠᠯᠠᠲᠠᠨᠲᠤᠶᠠᠭᠠ᠂ ᠵᠠᠩ ᠱᠤᠤ ᠰᠢᠤᠸᠡᠨ ᠪᠤᠯᠤᠨ ᠡᠯ᠎ᠡ | ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠤᠶᠤ ᠪᠠᠯᠭᠠᠰᠤᠨ ᠳᠠᠷᠤᠭ᠎ᠠ᠂ ᠰᠤᠪᠤᠷᠭ᠎ᠠ ᠠᠵᠤ ᠠᠬᠤᠢ ᠶᠢᠨ | ᠨᠡᠭᠡᠭᠡᠯᠲᠡ ᠶᠢᠨ ᠲᠤᠭᠤᠷᠢᠭ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ | ᠬᠤᠪᠢᠶᠠᠷᠢᠯᠠᠨ ᠬᠠᠷᠢᠭᠤᠴᠠᠵᠤ ᠪᠠᠶᠢᠭ᠎ᠠ ᠬᠠᠷᠢᠭᠤᠴᠠᠯᠭᠠᠲᠠᠨ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ | ᠬᠠᠷᠢᠭᠤᠴᠠᠯᠭᠠᠲᠠᠨ ᠮᠠᠨ ᠤ ᠬᠤᠰᠢᠭᠤᠨ ᠳᠠᠬᠢ ᠬᠤᠪᠢᠶᠠᠷᠢ ᠬᠤᠷᠡᠯ ᠤᠨ ᠲᠠᠯᠠᠪᠠᠢ ᠳᠤ ᠬᠤᠷᠡᠯ ᠳᠤ ᠤᠷᠤᠯᠴᠠᠬᠰᠡᠨ | ᠪᠠᠶᠢᠨ᠎ᠡ᠃ | | |