ᠣᠶᠢᠷ᠎ᠡ ᠶᠢᠨ ᠡᠳᠦᠷ᠂ ᠬᠤᠰᠢᠭᠤ ᠠᠵᠢᠯᠳᠠᠨ ᠤ ᠶᠠᠪᠣᠳᠠᠯ ᠤᠨ ᠳᠣᠪᠴᠢᠶ᠎ᠠ ᠠᠴᠠ ᠮᠠᠨ ᠤ ᠬᠤᠰᠢᠭᠤᠨ ᠤ | 2018 ᠣᠨ ᠤ ᠮᠣᠩᠭᠤᠯ ᠬᠢᠳᠡᠳ ᠬᠤᠣᠰ ᠬᠡᠯᠡᠨ ᠤ ᠠᠵᠢᠯᠳᠠᠨ ᠢ ᠣᠷᠢᠨ ᠡᠯᠰᠡᠬᠦ ᠰᠢᠯᠭᠠᠯᠳᠠ ᠠᠮᠵᠢᠯᠳᠠᠳᠠᠢ | ᠳᠡᠬᠦᠰᠪᠠ᠃ | ᠬᠤᠰᠢᠭᠤ ᠠᠷᠠᠳ ᠤᠨ ᠵᠠᠰᠠᠭ ᠤᠨ ᠣᠷᠳᠣᠨ ᠤ 2018 ᠣᠨ ᠤ ᠳᠠᠪᠣᠳᠣᠭᠠᠷ ᠣᠳᠠᠭᠠᠨ ᠤ ᠪᠠᠶᠢᠩᠭᠤ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠣᠰᠣᠯᠡᠨ 30 ᠨᠠᠷᠠ ᠮᠣᠩᠭᠤᠯ ᠬᠢᠳᠡᠳ ᠬᠡᠯᠡᠨ ᠤ ᠠᠵᠢᠯᠳᠠᠨ ᠢ | ᠢᠯᠡ ᠪᠠᠷ ᠰᠢᠯᠭᠠᠨ ᠡᠯᠰᠡᠵᠣ ᠣᠯᠠᠨ ᠨᠠᠶᠢᠳᠠ ᠶᠢᠨ ᠣᠶᠢᠯᠡᠴᠢᠯᠡᠭᠡ᠂ ᠰᠣᠮᠣ ᠪᠠᠯᠭᠠᠰᠣ ᠵᠡᠷᠬᠡ ᠠᠵᠢᠯ ᠤᠨ ᠪᠠᠶᠢᠷᠢᠨ | ᠳᠤ ᠳᠣᠮᠢᠯᠠᠨᠠ᠃ ᠰᠢᠯᠭᠠᠯᠳᠠ ᠶᠢᠨ ᠠᠵᠢᠯ ᠢ ᠬᠤᠰᠢᠭᠤ ᠠᠵᠢᠯᠳᠠᠨ ᠤ ᠶᠠᠪᠣᠳᠠᠯ ᠤᠨ ᠳᠣᠪᠴᠢᠶ᠎ᠠ ᠠᠴᠠ ᠢᠳᠡᠪᠬᠢᠳᠡᠢ | ᠦᠷᠨᠢᠬᠦᠯᠥᠨ ᠳᠣᠳᠣᠭᠠᠳᠣ ᠶᠢ ᠬᠠᠮᠠᠭᠠᠯᠠᠬᠤ ᠳᠣᠪᠴᠢᠶ᠎ᠠ᠂ ᠵᠠᠮ ᠬᠠᠷᠢᠯᠴᠠᠭᠠᠨ ᠤ ᠴᠠᠭᠳᠠᠭᠠᠨ ᠶᠡᠭᠡ ᠠᠩᠬᠢ᠂ ᠡᠷᠡᠬᠦᠯ | ᠬᠠᠮᠠᠭᠠᠯᠠᠯ ᠲᠥᠯᠥᠪᠯᠡᠬᠡᠳᠣ ᠬᠦᠩᠬᠡᠵᠢᠯ ᠤᠨ ᠠᠵᠢᠯ ᠤᠨ ᠳᠣᠪᠴᠢᠶ᠎ᠠ᠂ ᠦᠨᠳᠣᠷ ᠵᠡᠷᠬᠡ ᠶᠢᠨ ᠳᠣᠮᠳᠠᠳᠣ ᠰᠣᠷᠭᠠᠭᠤᠯᠢ | ᠵᠡᠷᠬᠡ ᠰᠠᠯᠠᠭ᠎ᠠ ᠮᠦᠴᠢᠷ ᠲᠠᠢ ᠬᠠᠮᠵᠢᠯᠴᠠᠨ ᠳᠣᠰ ᠣᠳᠠᠭᠠᠨ ᠤ ᠡᠯᠰᠡᠬᠦ ᠠᠵᠢᠯ ᠢ ᠬᠠᠮᠳᠣᠪᠠᠷ ᠪᠡᠶᠡᠯᠡᠬᠦᠯᠥᠭᠰᠡᠨ | ᠪᠠᠶᠢᠨ᠎ᠠ᠃ ᠳᠣᠰ ᠣᠳᠠᠭᠠᠨ ᠤ ᠰᠢᠯᠭᠠᠯᠳᠠ ᠨᠢ ︽ᠢᠯᠡ ᠳᠣᠳᠣ᠂ ᠲᠦᠪ ᠭᠤᠣᠯᠴᠢ᠂ ᠡᠷᠬᠡ ᠳᠡᠭᠰᠢ᠂ | ᠦᠷᠢᠰᠦᠯᠳᠦᠬᠡᠨ ᠲᠠᠢ᠂ ᠰᠢᠯᠢᠳᠡᠭ ᠢ ᠨᠢ ᠰᠣᠩᠭᠤᠬᠤ ᠪᠠ ᠦᠨᠳᠣᠰᠣᠨ ᠱᠠᠳᠣᠨ ᠤ ᠨᠢᠬᠡᠳᠣᠬᠡᠷ ᠹᠷᠣᠨᠲ ᠶᠢ | ᠳᠡᠬᠦᠯᠳᠡᠷᠵᠢᠬᠦᠯᠬᠦ︾ ᠵᠠᠷᠴᠢᠮ ᠶᠣᠰᠣᠭᠠᠷ ᠪᠢᠷ ᠤᠨ ᠰᠢᠯᠭᠠᠯᠳᠠ ᠢ ᠪᠢᠳᠡᠬᠦᠮᠵᠢᠯᠡᠭᠰᠡᠨ ᠬᠡᠯᠪᠡᠷᠢ ᠪᠠᠷ ᠶᠠᠪᠣᠭᠳᠠᠭᠤᠯᠵᠣ | ᠰᠢᠯᠭᠠᠭᠤᠯᠣᠭᠰᠠᠳ ᠤᠨ ᠬᠤᠣᠰ ᠬᠡᠯᠡ ᠪᠠᠷ ᠢᠯᠡᠳᠬᠡᠬᠦ᠂ ᠣᠶᠢᠯᠠᠭᠠᠬᠤ᠂ ᠪᠢᠴᠢᠬᠦ ᠪᠠ ᠣᠷᠴᠢᠭᠤᠯᠬᠤ ᠴᠢᠳᠠᠪᠣᠷᠢ ᠶᠢ | ᠶᠡᠷᠦᠩᠬᠡᠶᠢᠯᠡᠨ ᠪᠠᠶᠢᠴᠠᠭᠠᠵᠤ ᠨᠡᠶᠢᠳᠠ 580 ᠨᠠᠷᠠ ᠰᠢᠯᠭᠠᠭᠤᠯᠣᠭᠰᠠᠳ ᠪᠢᠷ ᠤᠨ ᠰᠢᠯᠭᠠᠯᠳᠠ ᠲᠤ ᠣᠷᠣᠯᠴᠠᠵᠣ | ᠰᠢᠯᠭᠠᠯᠳᠠ ᠪᠠᠷ ᠳᠠᠮᠵᠢᠨ 30 ᠨᠠᠷᠠ ᠰᠢᠯᠭᠠᠭᠤᠯᠣᠭᠰᠠᠳ ᠢ ᠨᠢ ᠡᠯᠰᠡᠭᠰᠡᠨ ᠪᠠᠶᠢᠨ᠎ᠠ᠃ | ᠳᠣᠰ ᠣᠳᠠᠭᠠᠨ ᠤ ᠮᠣᠩᠭᠤᠯ ᠬᠢᠳᠡᠳ ᠬᠤᠣᠰ ᠬᠡᠯᠡᠨ ᠤ ᠠᠵᠢᠯᠳᠠᠨ ᠢ ᠢᠯᠡ ᠪᠠᠷ ᠰᠢᠯᠭᠠᠨ ᠡᠯᠰᠠᠵᠣ ᠮᠠᠨ ᠤ | ᠬᠤᠰᠢᠭᠤᠨ ᠤ ᠦᠨᠳᠣᠰᠣᠨ ᠱᠠᠳᠣᠨ ᠤ ᠮᠣᠩᠭᠤᠯ ᠬᠢᠳᠡᠳ ᠬᠤᠣᠰ ᠬᠡᠯᠡᠨ ᠤ ᠴᠢᠳᠠᠪᠣᠷᠢᠳᠠᠨ ᠤ ᠡᠩᠨᠡᠭᠡ ᠶᠢ | ᠳᠡᠬᠦᠯᠳᠡᠷᠵᠢᠬᠦᠯᠥᠨ ᠨᠠᠮ ᠤᠨ ᠦᠨᠳᠣᠰᠣᠳᠠᠨ ᠤ ᠲᠦᠷᠦ ᠶᠢᠨ ᠪᠣᠳᠣᠯᠭ᠎ᠠ ᠶᠢ ᠳᠣᠣᠱᠯᠠᠭᠤᠯᠣᠨ ᠨᠠᠶᠢᠳᠠᠪᠣᠷᠢᠵᠢᠭᠤᠯᠵᠣ | ᠮᠣᠩᠭᠤᠯ ᠦᠬᠡ ᠬᠡᠯᠡ ᠦᠰᠦᠭ ᠪᠢᠴᠢᠭ ᠢ ᠣᠯᠠᠮᠵᠢᠯᠠᠨ ᠬᠠᠮᠠᠭᠠᠯᠠᠬᠤ ᠠᠵᠢᠯ ᠳᠤ ᠮᠠᠰᠢ ᠰᠠᠶᠢᠨ ᠰᠠᠭᠤᠷᠢ ᠶᠢ | ᠳᠠᠯᠪᠢᠭᠰᠠᠨ ᠪᠠᠶᠢᠨ᠎ᠠ᠃ |