ᠦᠢᠷ᠎ᠠ ᠶᠢᠨ ᠡᠳᠤᠷ᠂ ᠪᠥᠭᠦ ᠬᠤᠰᠢᠭᠤᠨ ᠤ ᠬᠠᠷ᠎ᠠ ᠪᠥᠯᠥᠭᠳᠡᠨ ᠪᠤᠯᠤᠨ ᠬᠠᠷᠭᠢᠰ ᠭᠥᠴᠤᠨ ᠢ ᠠᠷᠢᠯᠭᠠᠬᠤ | ᠲᠤᠰᠬᠠᠢ ᠲᠠᠮᠠᠴᠠᠯ ᠤᠨ ᠤᠳᠤᠷᠢᠳᠬᠤ ᠲᠤᠭᠤᠶᠢᠯᠠᠩ ᠤᠨ ᠬᠤᠶᠠᠳᠤᠭᠠᠷ ᠤᠳᠠᠭᠠᠨ ᠤ ᠠᠵᠢᠯ ᠤᠨ ᠠᠭᠢᠭᠤᠯᠤᠯᠳᠠ | ᠶᠢᠨ ᠬᠤᠷᠠᠯ ᠬᠤᠰᠢᠭᠤ ᠵᠠᠰᠠᠭ ᠵᠠᠭᠢᠷᠭᠠᠨ ᠤ ᠥᠢᠯᠡᠴᠢᠯᠡᠭᠡᠨ ᠤ ᠲᠥᠪ ᠲᠤ ᠬᠤᠷᠠᠯᠳᠤᠭᠰᠠᠨ ᠪᠠᠶᠢᠨ᠎ᠠ᠃ ᠬᠤᠷᠠᠯ | ᠲᠡᠭᠡᠷ᠎ᠡ ᠡᠮᠤᠨ᠎ᠠ ᠨᠢᠭᠡ ᠬᠤᠭᠤᠴᠠᠭᠠᠨ ᠤ ᠪᠥᠭᠦ ᠬᠤᠰᠢᠭᠤᠨ ᠤ ᠬᠠᠷ᠎ᠠ ᠪᠥᠯᠥᠭᠳᠡᠨ ᠪᠤᠯᠤᠨ ᠬᠠᠷᠭᠢᠰ ᠭᠥᠴᠤᠨ ᠢ | ᠠᠷᠢᠯᠭᠠᠬᠤ ᠲᠤᠰᠬᠠᠢ ᠲᠠᠮᠠᠴᠠᠯ ᠤᠨ ᠬᠤᠯᠪᠤᠭᠳᠠᠯ ᠪᠥᠭᠦᠢ ᠪᠠᠶᠢᠳᠠᠯ ᠳᠤ ᠳ᠋ᠥᠩᠨᠡᠯᠳᠠ ᠭᠢᠵᠤ᠂ ᠲᠠᠷᠠᠭᠠᠴᠢ ᠶᠢᠨ | ᠠᠯᠬᠤᠮ ᠤᠨ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ | ᠬᠤᠰᠢᠭᠤ ᠨᠠᠮ ᠤᠨ ᠬᠤᠷᠢᠶᠠᠨ ᠤ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠶᠠᠨ ᠤ ᠱᠥᠵᠢ | ᠰᠤᠷᠭᠠᠯᠳᠤ ᠪᠤᠯᠤᠨ ᠬᠤᠰᠢᠭᠤ ᠤᠳᠤᠷᠢᠳᠤᠯᠭ᠎ᠠ ᠭᠤᠤ ᠬᠤ᠋᠂ ᠰᠥᠨ ᠰᠢᠶᠤᠤ ᠴᠢᠶᠠᠩ᠂ ᠽᠥᠸᠧ ᠴᠧᠨ ᠭᠤᠸᠠᠩ | ᠵᠢᠴᠢ ᠡᠯ᠎ᠠ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠠ ᠪᠥᠷᠢᠯᠳᠤᠭᠦᠨ ᠪᠠᠶᠢᠭᠤᠯᠭ᠎ᠠ ᠨᠢᠭᠡᠴᠢ ᠶᠢᠨ | ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ | ᠰᠤᠷᠭᠠᠯᠳᠤ ᠬᠤᠷᠠᠯ ᠲᠡᠭᠡᠷ᠎ᠡ ᠴᠢᠬᠤᠯᠠᠴᠢᠯᠠᠬᠤ ᠳᠤ ᠪᠠᠨ ᠡᠯ᠎ᠠ ᠪᠥᠷᠢᠯᠳᠤᠭᠦᠨ ᠪᠠᠶᠢᠭᠤᠯᠭ᠎ᠠ ᠨᠢᠭᠡᠴᠢ ᠤᠯᠤᠰ | ᠲᠥᠷᠥ ᠶᠢᠨ ᠵᠤᠭᠰᠤᠴᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠤ᠂ ᠲᠥᠷᠪᠡᠨ ᠤᠬᠠᠮᠰᠠᠷ ᠢ ᠪᠠᠳᠤ ᠪᠠᠭᠢ ᠪᠤᠢ | ᠪᠤᠯᠭᠠᠨ ᠥᠵᠠᠯ ᠰᠠᠨᠠᠭ᠎ᠠ ᠤᠶᠢᠯᠠ ᠠᠵᠢᠯᠯᠠᠭ᠎ᠠ ᠪᠠᠨ ᠲᠥᠪ ᠤᠨ ᠪᠠᠶᠢᠷᠢᠯᠠᠭᠤᠯᠤᠯᠳᠠ ᠲᠡᠭᠡᠷ᠎ᠠ ᠥᠨᠠᠠᠭᠦ ᠨᠢᠭᠡᠳᠭᠡᠨ | ᠬᠠᠷ᠎ᠠ ᠪᠥᠯᠥᠭᠳᠠᠨ ᠬᠠᠷᠭᠢᠰ ᠭᠥᠴᠤᠨ ᠤ ᠨᠥᠯᠥᠭᠡ ᠶᠠᠯᠠᠳᠤ ᠠᠵᠢᠯᠯᠠᠭᠠᠨ ᠤ ᠭᠥᠨᠳᠤ ᠨᠤᠴᠠᠲᠠᠢ ᠭᠥᠨᠤᠭᠡᠯᠳᠤ ᠴᠢᠨᠠᠷ | ᠢ ᠭᠥᠨᠵᠡᠭᠡᠢ ᠲᠠᠨᠢᠵᠤ᠂ ᠠᠷᠠᠳ ᠲᠥᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠨ᠂ ᠥᠷᠭᠡᠨ ᠤᠯᠠᠨ ᠲᠥᠮᠡᠨ ᠤ | ᠥᠨᠳᠤᠰᠤᠨ ᠠᠰᠢᠭ ᠲᠤᠰᠠ ᠶᠢ ᠬᠠᠮᠠᠭᠠᠯᠠᠬᠤ ᠪᠠᠷ ᠡᠭᠢᠯᠡᠯᠳᠠ ᠶᠢᠨ ᠴᠡᠭ ᠪᠤᠯᠤᠨ ᠲᠠᠭᠦᠰᠭᠡᠯ ᠤᠨ ᠴᠡᠭ ᠪᠤᠯᠭᠠᠵᠤ | ᠠᠵᠢᠯ ᠤᠨ ᠰᠠᠭᠠᠷᠳᠠᠯᠭ᠎ᠠ ᠶᠢᠨ ᠲᠤᠭᠤᠷᠢᠨ ᠳᠤ ᠬᠠᠷ᠎ᠠ ᠪᠥᠯᠥᠭᠳᠡᠨ ᠪᠤᠯᠤᠨ ᠬᠠᠷᠭᠢᠰ ᠭᠥᠴᠤᠨ ᠢ ᠠᠷᠢᠯᠭᠠᠬᠤ | ᠲᠤᠰᠬᠠᠢ ᠲᠠᠮᠠᠴᠠᠯ ᠢ ᠥᠷᠭᠦᠯᠵᠢ ᠵᠤᠭᠢᠶᠠᠨ ᠪᠠᠶᠢᠭᠤᠯᠤᠨ ᠥᠷᠨᠢᠭᠦᠯᠭᠦ ᠭᠡᠷᠡᠭᠳᠠᠢ ᠭᠡᠵᠡᠢ᠃ | ᠬᠤᠷᠠᠯ ᠲᠡᠭᠡᠷ᠎ᠡ ᠲᠥᠪ᠂ ᠥᠪᠠᠷᠳᠡᠭᠡᠨ ᠵᠰᠠᠬᠤ ᠤᠷᠤᠨ ᠪᠤᠯᠤᠨ ᠬᠤᠳᠠ ᠶᠢᠨ ᠨᠠᠮ ᠤᠨ ᠬᠤᠷᠢᠶᠠᠨ ᠤ ᠬᠠᠷ᠎ᠠ | ᠪᠥᠯᠥᠭᠳᠡᠨ ᠪᠤᠯᠤᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠲᠤᠬᠠᠢ ᠬᠤᠯᠪᠤᠭᠳᠠᠯ ᠪᠥᠭᠦᠢ ᠬᠤᠷᠠᠯ | ᠤᠨ ᠵᠤᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠢᠶᠠᠷ ᠪᠥᠭᠦ ᠬᠤᠰᠢᠭᠤᠨ ᠤ ᠬᠠᠷ᠎ᠠ ᠪᠥᠯᠥᠭᠳᠡᠨ ᠪᠤᠯᠤᠨ ᠬᠠᠷᠭᠢᠰ | ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠶᠠᠷᠤᠩᠭᠡᠢ ᠠᠵᠢᠯ ᠤᠨ ᠪᠠᠶᠢᠳᠠᠯ ᠪᠤᠯᠤᠨ ᠬᠤᠰᠢᠭᠤ ᠲᠤᠳᠤᠭᠠᠳᠤ ᠶᠢ | ᠬᠠᠮᠭᠠᠯᠠᠬᠤ ᠲᠤᠪᠴᠢᠶᠠᠨ ᠤ ᠬᠠᠷ᠎ᠠ ᠪᠥᠯᠥᠭᠳᠡᠨ ᠪᠤᠯᠤᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ | ᠠᠵᠢᠯ ᠤᠨ ᠥᠷᠨᠢᠭᠦᠯᠥᠭᠳᠡᠵᠤ ᠪᠠᠶᠢᠭ᠎ᠠ ᠪᠠᠶᠢᠳᠠᠯ ᠢ ᠰᠤᠨᠤᠰᠪᠠ᠃ ︽ᠪᠥᠭᠦ ᠬᠤᠰᠢᠭᠤᠨ ᠤ ᠬᠠᠷ᠎ᠠ ᠪᠥᠯᠥᠭᠳᠡᠨ | ᠪᠤᠯᠤᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠤᠳᠤᠷᠢᠳᠤᠯᠭ᠎ᠠ ᠶᠢᠨ ᠬᠠᠷᠢᠭᠤᠴᠯᠠᠭ᠎ᠠ ᠶᠢᠨ | ᠲᠥᠷᠢᠮ︾᠂ ︽ᠪᠥᠭᠦ ᠬᠤᠰᠢᠭᠤᠨ ᠤ ᠬᠠᠷ᠎ᠠ ᠪᠥᠯᠥᠭᠳᠡᠨ ᠪᠤᠯᠤᠨ ᠬᠠᠷᠭᠢᠰ ᠭᠥᠴᠤᠨ ᠢ ᠠᠷᠢᠯᠭᠠᠬᠤ ᠲᠤᠰᠬᠠᠢ | ᠲᠠᠮᠠᠴᠠᠯ ᠤᠨ ᠬᠤᠷᠠᠯ᠂ ᠵᠥᠪᠳᠡᠯᠴᠡᠭᠡᠷ ᠤᠨ ᠲᠥᠷᠢᠮ︾ ᠵᠡᠷᠭᠡ ᠶᠢᠨ ᠠᠭᠤᠯᠭ᠎ᠠ ᠶᠢ ᠰᠤᠳᠤᠯᠬᠤ ᠶᠢᠨ ᠬᠠᠮᠳᠤ ᠭᠢᠨᠠᠨ | ᠵᠥᠪᠯᠡᠭᠰᠠᠨ ᠪᠠᠶᠢᠨ᠎ᠠ᠃ |