ᠣᠶᠢᠷ᠎ᠡ ᠶᠢᠨ ᠡᠳᠦᠷ ᠬᠤᠰᠢᠭᠤ ᠬᠢᠨᠡᠨ ᠪᠣᠳᠣᠬᠤ ᠳᠣᠪᠴᠢᠶ᠎ᠠ ᠺᠠᠳ᠋ᠷ ᠠᠵᠢᠯᠲᠠᠳ ᠤᠨ ᠢᠶᠠᠨ ᠠᠵᠢᠯ ᠤᠨ | ᠤᠷᠮᠠᠰᠢᠯ ᠢ ᠬᠦᠭᠵᠢᠭᠡᠨ ᠬᠡᠪ ᠪᠤᠯᠪᠠᠰᠤᠷᠠᠯ ᠢ ᠳᠡᠭᠡᠭᠰᠢᠯᠡᠭᠦᠯᠵᠤ᠂ ᠰᠢᠨ᠎ᠡ ᠴᠠᠭ ᠦᠶ᠎ᠡ ᠶᠢᠨ ᠤᠨᠴᠠᠯᠢᠭ ᠲᠠᠢ | ᠤᠶᠠᠯᠳᠤᠭᠤᠯᠤᠨ ᠲᠡᠳᠠᠨ ᠤ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠡᠬᠡ ᠤᠷᠤᠨᠴᠢ ᠭᠦᠰᠡᠯ ᠵᠣᠷᠢᠭ ᠢ | ᠨᠢᠭᠲᠠᠷᠠᠭᠤᠯᠬᠤ ᠶᠢᠨ ᠳᠤᠰᠠᠳᠠ ᠨᠠᠮ ᠪᠠᠶᠢᠭᠤᠯᠤᠭᠳᠠᠭᠰᠡᠨ 97 ᠵᠢᠯ ᠤᠨ ᠤᠢ ᠶᠢ ᠪᠡᠯᠭᠡᠯᠡᠬᠦ ᠳᠠᠰᠢᠷᠠᠮ ᠢᠶᠠᠷ | ᠬᠤᠰᠢᠭᠤ ᠬᠢᠨᠠᠨ ᠪᠤᠳᠤᠬᠤ ᠳᠤᠪᠴᠢᠶ᠎ᠠ ᠠᠴᠠ ᠪᠥᠬᠦ ᠨᠠᠮ ᠤᠨ ᠭᠡᠰᠢᠬᠦᠨ ᠢᠶᠠᠨ ᠵᠤᠬᠢᠶᠠᠨ ᠪᠠᠶᠢᠭᠤᠯᠤᠨ᠂ ᠣᠲᠤᠭ ᠤᠨ | ᠡᠮᠦᠨᠡᠲᠤ ᠬᠤᠰᠢᠭᠤᠨ ᠤ ᠪᠣᠷᠣᠪᠠᠯᠭᠠᠰᠤᠨ ᠳᠤ ᠭᠦᠷᠴᠤ ᠶᠠᠨ ᠠᠨ ᠤ ᠦᠨᠳᠤᠰᠤᠲᠡᠨ ᠤ ᠳᠡᠭᠡᠲᠤ ᠰᠤᠷᠭᠠᠭᠤᠯᠢ ᠶᠢᠨ | ᠪᠣᠷᠣᠪᠠᠯᠭᠠᠰᠤᠨ ᠳᠠᠬᠢ ᠳᠤᠷᠠᠰᠬᠠᠯ ᠤᠨ ᠤᠷᠳᠤᠨ᠂ ᠡᠷᠳᠢᠨ ᠢᠩᠧᠰᠲ᠂ ᠵᠣᠨ ᠡᠾᠢᠨᠲᠣᠨ ᠤ ᠭᠤᠷᠪᠠᠨ ᠬᠢᠵᠠᠭᠠᠷ ᠤᠨ | ᠮᠠᠯᠵᠢᠯ ᠤᠨ ᠲᠠᠯᠠᠪᠠᠢ ᠶᠢᠨ ᠳᠡᠯᠭᠡᠨ ᠦᠵᠡᠭᠦᠯᠦᠯᠭᠡ ᠶᠢᠨ ᠤᠷᠳᠤᠨ᠂ ᠸᠠᠩ ᠵᠧᠨ ᠤ ᠬᠤᠳᠳᠤᠭ ᠤᠨ ᠳᠤᠷᠠᠰᠬᠠᠯ ᠤᠨ | ᠬᠦᠷᠢᠶᠡᠯᠡᠩ᠂ ᠪᠤᠷᠤᠪᠠᠯᠭᠠᠰᠤᠨ ᠳᠠᠬᠢ ᠢᠨᠲ᠋ᠧᠷᠨᠡᠽᠢᠳᠨᠠᠯ ᠤᠨ ᠨᠢᠭᠤᠴᠠ ᠬᠤᠯᠪᠤᠭᠠᠨ ᠤ ᠥᠷᠲᠡᠭᠡ ᠶᠢᠨ ᠳᠡᠯᠭᠡᠨ | ᠦᠵᠡᠭᠦᠯᠦᠯᠭᠡ ᠶᠢᠨ ᠤᠷᠳᠤᠨ ᠵᠡᠷᠭᠡ ᠭᠠᠵᠠᠷ ᠤᠳ ᠲᠤ ᠭᠦᠷᠴᠤ ᠲᠤᠭᠤᠷᠢᠨ ᠰᠤᠷᠤᠯᠴᠠᠭᠰᠡᠨ ᠪᠠᠶᠢᠨ᠎ᠠ᠃ | ᠲᠤᠰ ᠤᠳᠠᠭᠠᠨ ᠤ ᠰᠤᠷᠤᠯᠴᠠᠯᠭ᠎ᠠ ᠪᠠᠷ ᠳᠠᠮᠵᠢᠨ᠂ ᠺᠠᠳ᠋ᠷ ᠠᠵᠢᠯᠲᠠᠳ ᠤᠨ ᠡᠬᠡ ᠤᠷᠤᠨᠴᠢ ᠦᠵᠡᠯ ᠪᠠ | ᠬᠤᠪᠢᠰᠬᠠᠯᠲᠤ ᠤᠯᠠᠮᠵᠢᠯᠠᠯ ᠤᠨ ᠬᠦᠮᠦᠵᠢᠯ ᠤᠨ ᠳᠤᠬᠠᠢ ᠣᠶᠢᠯᠠᠭᠠᠯᠲᠠ ᠲᠥᠷᠥᠭᠳᠡᠯ ᠢ ᠤᠯᠠᠮ ᠭᠦᠨᠵᠡᠭᠡᠶᠢᠷᠡᠭᠦᠯᠵᠤ᠂ | ᠰᠢᠨ᠎ᠡ ᠪᠠᠶᠢᠳᠠᠯ ᠳᠤᠤᠷᠠᠬᠢ ᠨᠠᠮ ᠤᠨ ᠭᠡᠰᠢᠭᠦᠨ ᠤ ᠨᠠᠮᠴᠢ ᠴᠢᠨᠠᠷ ᠤᠨ ᠬᠦᠮᠦᠵᠢᠯ ᠢ ᠴᠢᠩᠭᠠᠳᠬᠠᠵᠤ᠂ ᠲᠡᠳᠡᠭᠡᠷ ᠤᠨ | ᠠᠵᠢᠯ ᠳᠤ ᠪᠠᠨ ᠬᠠᠨᠳᠤᠬᠤ ᠤᠷᠮᠠᠰᠢᠯ ᠢ ᠴᠢᠨᠠᠭᠰᠢᠳᠠ ᠳᠠᠶᠢᠴᠢᠯᠠᠭᠰᠡᠨ ᠪᠠᠶᠢᠨ᠎ᠠ᠃ | ᠠᠵᠢᠯᠯᠠᠭᠠᠨ ᠤ ᠳᠠᠷᠠᠭ᠎ᠠ᠂ ᠳᠤᠪᠴᠢᠶᠠᠨ ᠤ ᠨᠠᠮ ᠤᠨ ᠡᠭᠦᠷ ᠠᠴᠠ ᠪᠥᠬᠦ ᠨᠠᠮ ᠤᠨ ᠭᠡᠰᠢᠭᠦᠳ ᠳᠡᠭᠡᠨ ᠨᠠᠮ ᠤᠨ | ᠰᠤᠷᠤᠯᠴᠠᠬᠤ ᠨᠣᠮ ᠰᠤᠳᠤᠷ ᠪᠡᠯᠡᠭᠯᠡᠨ ᠥᠭᠴᠦ᠂ ᠲᠡᠳᠡᠨ ᠢ ᠤᠯᠤᠰ ᠲᠦᠷᠤ ᠶᠢᠨ ᠰᠤᠷᠤᠯᠴᠠᠯᠭ᠎ᠠ ᠪᠠᠨ | ᠤᠬᠠᠮᠰᠠᠷ ᠠᠴᠠ ᠪᠠᠨ ᠴᠢᠩᠭᠠᠳᠬᠠᠬᠤ᠂ ᠨᠠᠮᠴᠢ ᠴᠢᠨᠠᠷ ᠤᠨ ᠪᠤᠯᠪᠠᠰᠤᠷᠠᠯ ᠢᠶᠠᠨ ᠴᠢᠩᠭᠠᠳᠬᠠᠬᠤ᠂ ᠡᠪ ᠬᠠᠮᠲᠤ | ᠨᠠᠮ ᠤᠨ ᠭᠡᠰᠢᠭᠦᠨ ᠤ ᠲᠡᠷᠢᠭᠦᠨ ᠤ ᠴᠢᠨᠠᠷ ᠢᠶᠠᠨ ᠢᠮᠠᠭᠲᠠ ᠪᠠᠳᠤᠯᠠᠬᠤ ᠵᠡᠷᠭᠡ ᠲᠠᠯ᠎ᠠ ᠠᠴᠠ ᠱᠠᠭᠠᠷᠳᠠᠭᠰᠡᠨ ᠪᠠᠶᠢᠨ᠎ᠠ᠃ | |