ᠮᠠᠯᠴᠢᠨ ᠲᠠᠷᠢᠶᠠᠴᠢᠳ ᠢ ᠡᠷᠳᠠ ᠨᠢᠬᠡ ᠡᠳᠤᠷ ᠶᠠᠳᠠᠭᠤ ᠠᠴᠠ ᠠᠩᠬᠢᠵᠢᠷᠠᠭᠤᠯᠬᠤ ᠶᠢᠨ ᠲᠤᠰᠠᠳᠠ᠂ | ᠤᠶᠢᠷ᠎ᠠ ᠶᠢᠨ ᠵᠢᠯ ᠠᠴᠠ ᠨᠠᠰᠢ᠂ ᠤᠯᠠᠭᠠᠨᠳᠤᠯᠤᠭᠠᠢ ᠪᠠᠯᠭᠠᠰᠤ ᠨᠢ ᠬᠤᠷᠰᠢᠭᠰᠠᠨ ᠡᠵᠡᠩᠨᠡᠯᠳᠠ ᠶᠢ ᠲᠦᠯᠬᠢᠨ | ᠠᠬᠢᠭᠤᠯᠵᠤ ᠰᠢᠨ᠎ᠠ ᠮᠠᠶ᠋ᠢᠭ ᠤᠨ ᠮᠠᠯ ᠲᠠᠷᠢᠶᠠᠯᠠᠩ ᠤᠨ ᠠᠵᠤ ᠠᠬᠤᠢ ᠶᠢᠨ ᠡᠵᠡᠩᠨᠠᠯᠳᠠ ᠶᠢᠨ ᠭᠤᠤᠯ ᠴᠤᠭᠴᠠ ᠶᠢ | ᠢᠳᠡᠪᠬᠢᠳᠡᠢ ᠬᠦᠮᠣᠵᠢᠬᠦᠯᠵᠤ᠂ ᠮᠠᠯᠴᠢᠨ ᠲᠠᠷᠢᠶᠠᠴᠢᠳ ᠤᠨ ᠬᠤᠷᠰᠢᠨ ᠡᠵᠡᠩᠨᠡᠬᠦ ᠵᠤᠬᠢᠶᠠᠨ ᠪᠠᠶᠢᠭᠤᠯᠤᠯᠳᠠ ᠶᠢᠨ | ᠬᠦᠭᠵᠢᠯᠳᠠ ᠶᠢᠨ ᠬᠡᠪᠴᠢᠶᠡᠳᠤ ᠡᠵᠡᠩᠨᠡᠯᠳᠠ ᠶᠢ ᠪᠠᠶᠢᠭᠤᠯᠬᠤ ᠶᠢ ᠵᠤᠷᠢᠭᠵᠢᠭᠤᠯᠤᠨ᠂ ᠮᠠᠯᠴᠢᠨ ᠲᠠᠷᠢᠶᠠᠴᠢᠳ ᠤᠨ | ᠤᠷᠤᠯᠭ᠎ᠠ ᠶᠢ ᠨᠡᠮᠡᠭᠳᠡᠬᠦᠯᠦᠨ ᠮᠠᠯᠴᠢᠨ ᠲᠠᠷᠢᠶᠠᠴᠢᠨ ᠢ ᠶᠠᠳᠠᠭᠤ ᠠᠴᠠ ᠠᠩᠭᠢᠵᠢᠷᠠᠭᠤᠯᠵᠤ ᠪᠤᠢ᠃ | ᠬᠤᠷᠰᠢᠭᠰᠠᠨ ᠡᠵᠡᠩᠨᠡᠯᠳᠠ ᠶᠢ ᠲᠦᠯᠬᠢᠨ ᠠᠬᠢᠭᠤᠯᠬᠤ ᠶᠠᠪᠤᠴᠠ ᠲᠤᠮᠳᠠ᠂ ᠪᠠᠶᠠᠠᠭᠤᠤᠯ ᠭᠠᠴᠠᠭᠠᠨ ᠤ ᠠᠵᠤ | ᠦᠢᠯᠡᠰ ᠤᠨ ᠬᠦᠭᠵᠢᠯᠳᠠ ᠪᠡ ᠬᠦᠮᠤᠨ ᠠᠮᠠ ᠶᠢᠨ ᠲᠠᠷᠬᠠᠯᠳᠠ ᠶᠢᠨ ᠤᠨᠴᠠᠯᠢᠭ ᠲᠤ ᠴᠢᠭᠯᠡᠬᠦᠯᠤᠨ᠂ ᠲᠤᠬᠠᠢ ᠶᠢᠨ | ᠭᠠᠵᠠᠷ ᠤᠨ ᠮᠠᠯᠴᠢᠨ ᠲᠠᠷᠢᠶᠠᠴᠢᠳ ᠢ ᠢᠳᠡᠪᠬᠢᠳᠡᠢ ᠬᠦᠳᠣᠯᠣᠨ ᠵᠢᠯᠤᠭᠤᠳᠴᠤ᠂ ︽ᠤᠩᠭᠤᠨ ᠲᠠᠯ᠎ᠠ︾ ᠲᠡᠵᠢᠬᠡᠨ | ᠦᠷᠡᠵᠢᠬᠦᠯᠬᠦ ᠲᠤᠰᠬᠠᠢ ᠠᠵᠢᠯ ᠤᠨ ᠬᠤᠷᠰᠢᠶᠠᠵᠢᠯ ᠢ ᠪᠠᠶᠢᠭᠤᠯᠪᠠ᠃ ᠤᠳᠤᠬᠠᠨ ᠳᠤ ᠲᠤᠰ ᠬᠤᠷᠰᠢᠶᠠᠵᠢᠯ ᠨᠢ | ᠨᠢᠬᠡᠨᠳᠠ 35 ᠡᠷᠤᠬᠡ ᠶᠢᠨ ᠬᠡᠰᠢᠬᠦᠨ ᠲᠠᠢ ᠪᠠᠶᠢᠵᠤ᠂ ᠵᠢᠯ ᠤᠨ ᠴᠡᠪᠡᠷ ᠤᠷᠤᠯᠭ᠎ᠠ ᠨᠢ 160 ᠲᠦᠮᠡᠨ ᠲᠦᠬᠦᠷᠢᠭ ᠢ | ᠲᠠᠪᠠᠵᠤ᠂ ᠮᠡᠳᠡᠭᠳᠡᠬᠦ᠋ᠢᠴᠡ ᠠᠵᠤ ᠠᠬᠤᠢ ᠪᠤᠯᠤᠨ ᠨᠡᠶᠢᠬᠡᠮ ᠤᠨ ᠦᠷ᠎ᠡ ᠠᠰᠢᠭ ᠢ ᠤᠯᠤᠭᠰᠡᠨ ᠪᠠᠶᠢᠨ᠎ᠠ᠃ ᠲᠤᠰ | ᠬᠤᠷᠰᠢᠶᠠᠵᠢᠯ ᠨᠢ ᠪᠠᠯᠭᠠᠰᠤᠨ ᠤ ᠶᠠᠳᠠᠭᠤ ᠠᠴᠠ ᠠᠩᠬᠢᠵᠢᠷᠠᠭᠤᠯᠬᠤ ᠠᠵᠢᠯ ᠳᠤ ᠬᠤᠪᠢ ᠨᠡᠮᠡᠷᠢ ᠪᠠᠨ ᠡᠷᠬᠦᠵᠤ᠂ | ᠮᠦᠨᠴᠤ ᠪᠤᠰᠤᠳ ᠮᠠᠯ ᠲᠠᠷᠢᠶᠠᠯᠠᠩ ᠤᠨ ᠠᠵᠤ ᠠᠬᠤᠢ ᠶᠢᠨ ᠤᠷᠤᠨ ᠤ ᠰᠢᠨ᠎ᠠ ᠮᠠᠶ᠋ᠢᠭ ᠤᠨ ᠬᠤᠷᠰᠢᠭᠰᠠᠨ | ᠡᠵᠡᠩᠨᠡᠯᠳᠠ ᠶᠢ ᠬᠦᠭᠵᠢᠬᠦᠯᠬᠦ ᠳᠤ ᠨᠡᠯᠢᠶᠡᠳ ᠰᠠᠶᠢᠨ ᠦᠢᠯᠡᠳᠤᠯᠬᠡ ᠶᠢᠨ ᠯᠠᠪᠯᠠᠯᠳᠠ ᠲᠤᠷᠰᠢᠯᠭ᠎ᠠ ᠶᠢ ᠬᠠᠩᠭᠠᠵᠤ | ᠪᠠᠶᠢᠨ᠎ᠠ᠃ |