7 ᠰᠠᠷ᠎ᠠ ᠶᠢᠨ 13 ᠤ ᠡᠳᠦᠷ ᠠᠴᠠ 14 ᠤ ᠡᠳᠦᠷ᠂ ᠪᠦᠬᠦ ᠤᠯᠤᠰ ᠤᠨ ᠤᠯᠤᠰ ᠲᠦᠷᠦ ᠶᠢᠨ | ᠵᠦᠪᠯᠡᠯᠭᠡᠨ ᠤ ᠪᠠᠶᠢᠡᠭᠭᠤ ᠶᠢᠨ ᠬᠡᠰᠢᠬᠦᠨ᠂ ᠦᠨᠳᠦᠰᠦᠲᠡᠨ ᠪᠠ ᠱᠠᠰᠢᠨ ᠰᠤᠷᠲᠠᠬᠤᠨ ᠤ ᠵᠦᠪᠯᠡᠯ ᠤᠨ ᠡᠷᠬᠢᠯᠡᠭᠴᠢ | ᠸᠠᠩ ᠸᠧᠢ ᠭᠤᠸᠠᠩ ᠢᠶᠠᠷ ᠲᠤᠭᠤᠢᠢᠯᠠᠩ ᠤᠨ ᠲᠠᠷᠤᠭ᠎ᠠ ᠪᠤᠯᠭᠠᠭᠰᠠᠨ ᠪᠠᠶᠢᠴᠠᠭᠠᠨ ᠰᠤᠳᠤᠯᠤᠯᠲᠠ ᠶᠢᠨ ᠲᠤᠭᠤᠢᠢᠯᠠᠩ | ᠮᠠᠨ ᠤ ᠬᠤᠲᠠ ᠶᠢᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠪᠠ ᠪᠤᠬᠢᠷᠳᠤᠯ ᠤᠨ ᠰᠡᠷᠬᠡᠶᠢᠯᠡᠯᠲᠡ ᠶᠢᠨ | ᠠᠵᠢᠯ ᠳᠤ ᠲᠤᠰᠬᠠᠢ ᠰᠡᠲᠦᠪᠲᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠰᠠᠭᠤᠳᠠᠯ ᠤᠨ ᠬᠤᠷᠠᠯ | ᠬᠤᠷᠠᠯᠳᠤᠭᠤᠯᠪᠠ᠃ | | | | | | | ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠦᠮᠦᠨ ᠠᠮᠠ ᠶᠢᠨ ᠡᠬᠢ ᠪᠠᠶᠠᠯᠢᠭ ᠤᠨ ᠤᠷᠴᠢᠨ | ᠲᠤᠭᠤᠷᠢᠨ ᠤ ᠵᠦᠪᠯᠡᠯ ᠤᠨ ᠲᠡᠳ᠋ ᠡᠷᠬᠢᠯᠡᠭᠴᠢ ᠷᠧᠨ ᠶᠠ ᠫᠢᠩ᠂ ᠪᠦᠬᠦ ᠤᠯᠤᠰ ᠤᠨ ᠤᠯᠤᠰ ᠲᠦᠷᠦ ᠶᠢᠨ | ᠵᠦᠪᠯᠡᠯᠭᠡᠨ ᠤ ᠦᠨᠳᠦᠰᠦᠲᠡᠨ ᠪᠠ ᠱᠠᠰᠢᠨ ᠰᠤᠷᠲᠠᠬᠤᠨ ᠤ ᠵᠦᠪᠯᠡᠯ ᠤᠨ ᠵᠦᠪᠯᠡᠯ ᠳᠤ ᠰᠠᠭᠤᠭ᠎ᠠ ᠲᠡᠳ᠋ ᠡᠷᠬᠢᠯᠡᠭᠴᠢ | ᠶᠠᠩ ᠰᠢᠶᠤᠤ ᠪᠦᠸᠧ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠡᠭᠭᠤ ᠶᠢᠨ ᠬᠡᠰᠢᠬᠦᠨ᠂ | ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠳ᠋ᠦᠩ ᠾᠧᠩ ᠢᠤᠢ | ᠨᠠᠷ ᠪᠠᠶᠢᠴᠠᠭᠠᠨ ᠰᠤᠳᠤᠯᠤᠯᠲᠠ ᠳᠤ ᠤᠷᠤᠯᠴᠠᠬᠤ ᠶᠢᠨ ᠬᠠᠮᠲᠤ ᠰᠠᠭᠤᠳᠠᠯ ᠤᠨ ᠬᠤᠷᠠᠯ ᠳᠤ ᠰᠠᠭᠠᠳᠠᠪᠠ᠃ | ᠬᠤᠲᠠ ᠶᠢᠨ ᠤᠳᠤᠷᠢᠳᠤᠯᠭ᠎ᠠ ᠨᠢᠦ ᠵᠢᠶᠦ᠋ᠨ ᠶᠠᠨ᠂ ᠸᠠᠩ ᠵᠢᠶᠠᠨ ᠭᠦᠸᠧ᠂ ᠯᠢ ᠸᠧᠨ ᠵᠦᠩ᠂ ᠮᠠ᠊ ᠭᠠᠷᠤᠳᠢ᠂ | ᠵᠢᠷᠭᠠᠯᠲᠤ᠂ ᠬᠤᠰᠢᠭᠤ ᠤᠳᠤᠷᠢᠳᠤᠯᠭ᠎ᠠ ᠴᠢᠶᠤᠤ ᠶᠦᠨ ᠯᠢ᠂ ᠬᠤᠤ ᠸᠧᠢ᠂ ᠵᠤᠤ ᠶᠦᠩ ᠹᠧᠩ ᠲᠤᠰᠪᠤᠷᠢ ᠪᠠᠷᠠᠳᠠᠨ | ᠪᠠᠶᠢᠴᠠᠭᠠᠨ ᠰᠤᠳᠤᠯᠤᠯᠲᠠ ᠬᠢᠭᠰᠡᠨ ᠪᠤᠶᠤ ᠰᠠᠭᠤᠳᠠᠯ ᠤᠨ ᠬᠤᠷᠠᠯ ᠳᠤ ᠤᠷᠤᠯᠴᠠᠪᠠ᠃ | ᠪᠠᠶᠢᠴᠠᠭᠠᠨ ᠰᠤᠳᠤᠯᠤᠯᠲᠠ ᠶᠢᠨ ᠲᠤᠭᠤᠢᠢᠯᠠᠩ ᠨᠢ ᠤᠷᠢᠳ ᠬᠤᠵᠢᠳ ᠲᠤᠭ ᠪᠠᠯᠭᠠᠰᠤᠨ ᠤ ᠪᠠᠶᠠᠨᠨᠠᠭᠤᠷ ᠤᠨ | ᠲᠠᠯ᠎ᠠ ᠨᠤᠲᠤᠭ᠂ ᠮᠤᠤᠠᠤᠰᠤ ᠶᠢᠨ ᠠᠷᠴᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠵᠡᠷᠭᠡ ᠭᠠᠵᠠᠷ ᠲᠤ ᠬᠦᠷᠴᠦ | ᠪᠠᠶᠢᠴᠠᠭᠠᠨ ᠰᠤᠳᠤᠯᠤᠯᠲᠠ ᠬᠢᠪᠡ᠃ ᠪᠠᠶᠠᠨᠨᠠᠭᠤᠷ ᠤᠨ ᠲᠠᠯ ᠠ ᠨᠤᠲᠤᠭ ᠲᠤ ᠲᠠᠯ᠎ᠠ ᠨᠤᠲᠤᠭ ᠤᠨ ᠠᠮᠢ ᠠᠬᠤᠢ ᠶᠢᠨ | ᠬᠠᠮᠠᠭᠠᠯᠠᠯᠲᠠ᠂ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠲᠡ ᠵᠡᠷᠭᠡ ᠶᠢᠨ ᠪᠠᠶᠢᠳᠠᠯ ᠢ ᠲᠤᠬᠠᠢ ᠶᠢᠨ | ᠭᠠᠵᠠᠷ ᠲᠤ ᠪᠠᠶᠢᠴᠠᠭᠠᠨ ᠦᠵᠡᠬᠦ ᠶᠢᠨ ᠬᠠᠮᠲᠤ ᠮᠠᠯᠴᠢᠨ ᠬᠠᠰᠪᠠᠶᠠᠷ ᠤᠨ ᠭᠡᠷ ᠲᠤ ᠵᠢᠯᠤᠭᠤᠴᠢ ᠦᠭᠡᠢ ᠨᠢᠰᠬᠡᠯ ᠢᠶᠠᠷ | ᠬᠤᠨᠢ ᠬᠠᠷᠢᠭᠤᠯᠬᠤ ᠮᠡᠷᠭᠡᠵᠢᠯ ᠤᠨ ᠦᠵᠡᠬᠦᠯᠦᠯᠭᠡ ᠶᠢ ᠲᠤᠬᠠᠢ ᠶᠢᠨ ᠲᠠᠯᠠᠪᠤᠷ ᠲᠤ ᠦᠵᠡᠵᠤ ᠮᠠᠨ ᠤ ᠬᠤᠲᠠ ᠶᠢᠨ ︽ | ᠢᠨᠲ᠋ᠧᠷᠨᠧᠲ ᠰᠦᠯᠵᠢᠶ᠎ᠡ + ᠤᠶᠤᠨᠴᠢ ᠮᠠᠯᠵᠢᠯ ᠤᠨ ᠲᠠᠯᠠᠪᠠᠢ︾ ᠶᠢᠨ ᠮᠡᠷᠭᠡᠵᠢᠯ ᠤᠨ ᠬᠡᠷᠡᠭᠯᠡᠯᠲᠡ ᠶᠢᠨ ᠪᠠᠶᠢᠳᠠᠯ ᠢ | ᠨᠠᠷᠢᠨ ᠤᠢᠢᠯᠠᠭᠠᠭᠰᠠᠨ ᠪᠠᠶᠢᠨ᠎ᠠ᠃ ᠲᠤᠭ ᠪᠠᠯᠭᠠᠰᠤᠨ ᠤ ᠠᠷᠴᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠤ | ᠠᠷᠴᠠᠨ ᠤ ᠤᠷᠭᠤᠯᠲᠠ᠂ ᠬᠠᠮᠠᠭᠠᠯᠠᠯᠲᠠ᠂ ᠠᠰᠢᠭᠯᠠᠯᠲᠠ ᠵᠢᠴᠢ ᠬᠠᠮᠠᠭᠠᠯᠠᠯᠲᠠ ᠶᠢᠨ ᠤᠷᠤᠨ ᠤ ᠬᠠᠮᠢᠶᠠᠷᠤᠯᠲᠠ | ᠵᠡᠷᠭᠡ ᠶᠢᠨ ᠪᠠᠶᠢᠳᠠᠯ ᠢ ᠨᠠᠷᠢᠨ ᠤᠢᠢᠯᠠᠭᠠᠪᠠ᠃ | ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ ᠪᠠᠶᠢᠴᠠᠭᠠᠨ ᠰᠤᠳᠤᠯᠤᠯᠲᠠ ᠶᠢᠨ ᠲᠤᠭᠤᠢᠢᠯᠠᠩ ᠨᠢ | ᠰᠠᠭᠤᠳᠠᠯ ᠤᠨ ᠬᠤᠷᠠᠯ ᠬᠤᠷᠠᠯᠳᠤᠭᠤᠯᠵᠤ ᠬᠤᠲᠠ ᠶᠢᠨ ᠵᠠᠰᠠᠭ ᠤᠨ ᠤᠷᠳᠤᠨ ᠤ ᠲᠠᠯ᠎ᠠ ᠨᠤᠲᠤᠭ ᠤᠨ ᠠᠮᠢ | ᠠᠬᠤᠢ ᠶᠢᠨ ᠬᠠᠮᠠᠭᠠᠯᠠᠯᠲᠠ ᠪᠠ ᠪᠤᠬᠢᠷᠳᠤᠯ ᠤᠨ ᠰᠡᠷᠬᠡᠶᠢᠯᠡᠯᠲᠡ ᠶᠢᠨ ᠠᠵᠢᠯ ᠢ ᠴᠢᠩᠭᠠᠳᠬᠠᠭᠰᠠᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠤᠨᠤᠰᠴᠤ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠶᠢᠨ ᠲᠤᠭᠤᠷᠢᠨ ᠳᠤ ᠲᠤᠷᠰᠢᠯᠭ᠎ᠠ | ᠰᠤᠯᠢᠯᠴᠠᠬᠤ ᠦᠭᠡ ᠶᠠᠷᠢᠵᠤ᠂ ᠬᠤᠯᠪᠤᠭᠳᠠᠯ ᠪᠦᠬᠦᠢ ᠰᠠᠨᠠᠭᠤᠯᠭ᠎ᠠ ᠲᠤᠷᠠᠳᠤᠭᠰᠠᠨ ᠪᠠᠶᠢᠨ᠎ᠠ᠃ | ᠪᠠᠶᠢᠴᠠᠭᠠᠨ ᠰᠤᠳᠤᠯᠤᠯᠲᠠ ᠶᠢᠨ ᠲᠤᠭᠤᠢᠢᠯᠠᠩ ᠮᠠᠨ ᠤ ᠬᠤᠲᠠ ᠶᠢᠨ ᠲᠠᠯ᠎ᠠ ᠨᠤᠲᠤᠭ ᠤᠨ ᠠᠮᠢ ᠠᠬᠤᠢ ᠶᠢᠨ | ᠬᠠᠮᠠᠭᠠᠯᠠᠯᠲᠠ ᠪᠠ ᠪᠤᠬᠢᠷᠳᠤᠯ ᠤᠨ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠭᠰᠠᠨ ᠲᠠᠯ᠎ᠠ ᠪᠠᠷ ᠤᠯᠤᠭᠰᠠᠨ | ᠠᠮᠵᠢᠯᠲᠡ ᠪᠦᠲᠦᠮᠵᠢ ᠳᠤ ᠬᠦᠢᠴᠡᠳ ᠨᠤᠲᠠᠯᠠᠯᠲᠠ ᠦᠭᠪᠠ᠃ ᠪᠠᠶᠢᠴᠠᠭᠠᠨ ᠰᠤᠳᠤᠯᠤᠯᠲᠠ ᠶᠢᠨ ᠲᠤᠭᠤᠢᠢᠯᠠᠩ | ᠵᠢᠭᠠᠵᠤ ᠭᠠᠷᠭᠠᠬᠤ ᠳᠤ ᠪᠠᠨ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠪᠠ ᠪᠤᠬᠢᠷᠳᠤᠯ ᠤᠨ | ᠰᠡᠷᠭᠡᠶᠢᠯᠡᠯᠲᠡ ᠪᠤᠯ ᠠᠭᠤᠯᠠ ᠤᠰᠤ ᠤᠢ ᠰᠢᠭᠤᠢ ᠡᠪᠡᠰᠦ ᠲᠠᠷᠢᠶ᠎ᠠ ᠶᠢ ᠰᠢᠰᠲ᠋ᠧᠮ ᠲᠠᠢ ᠵᠠᠰᠠᠬᠤ ᠶᠢᠨ ᠴᠢᠬᠤᠯᠠ | ᠪᠦᠷᠢᠯᠳᠦᠭᠦᠨ ᠬᠡᠰᠡᠭ ᠪᠤᠯᠤᠨ᠎ᠠ᠂ ᠤᠷᠳᠤᠰ ᠤᠨ ᠬᠤᠭᠤᠴᠠᠭ᠎ᠠ ᠪᠦᠷᠢ ᠶᠢᠨ ᠨᠠᠮ ᠤᠨ ᠬᠤᠷᠢᠶ᠎ᠠ᠂ ᠵᠠᠰᠠᠭ ᠤᠨ | ᠤᠷᠳᠤᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠪᠠ ᠪᠤᠬᠢᠷᠳᠤᠯ ᠤᠨ ᠰᠡᠷᠭᠡᠶᠢᠯᠡᠯᠲᠡ ᠶᠢᠨ ᠠᠵᠢᠯ ᠢ | ᠲᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠠᠵᠢᠯ ᠢᠶᠠᠨ ᠲᠤᠤᠱᠲᠠᠢ ᠬᠢᠵᠤ ᠪᠡᠯᠡ ᠤᠷᠤᠭᠤᠯᠤᠯᠲᠠ ᠶᠢᠨ | ᠬᠦᠴᠦᠯᠡᠴᠡ ᠪᠠᠨ ᠨᠡᠮᠡᠭᠳᠡᠬᠦᠯᠦᠨ ᠮᠠᠯ ᠲᠠᠷᠢᠶᠠᠯᠠᠩ ᠤᠨ ᠠᠵᠤ ᠦᠢᠯᠡᠰ ᠤᠨ ᠬᠦᠭᠵᠢᠯᠲᠡ ᠶᠢᠨ ᠠᠷᠭ᠎ᠠ ᠪᠠᠷᠢᠯ ᠢ | ᠪᠦᠲᠦᠮᠵᠢᠲᠠᠢ ᠪᠠᠷ ᠬᠤᠪᠢᠷᠠᠭᠤᠯᠵᠤ᠂ ᠮᠠᠯ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ᠂ | ᠲᠠᠯ᠎ᠠ ᠨᠤᠲᠤᠭ ᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠤᠯᠤᠨ ᠰᠡᠷᠭᠦᠯᠲᠡ ᠢᠯᠡᠷᠭᠡᠢ ᠪᠦᠲᠦᠮᠵᠢ | ᠤᠯᠵᠤ ᠲᠠᠯ᠎ᠠ ᠨᠤᠲᠤᠭ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠨᠢ ᠤᠷᠳᠤᠰ ᠲᠤ ᠯᠤᠲᠤ ᠶᠡᠭᠡ | ᠬᠤᠪᠢᠷᠠᠯᠲᠠ ᠶᠢ ᠠᠪᠴᠢᠷᠠᠭᠰᠠᠨ ᠪᠠᠶᠢᠨ᠎ᠠ᠃ ᠤᠷᠳᠤᠰ ᠬᠤᠲᠠ ᠲᠤᠷᠰᠢᠯᠭ᠎ᠠ ᠪᠠᠨ ᠬᠢᠨᠠᠮᠠᠭᠠᠢ ᠳ᠋ᠦᠡᠭᠨᠡᠵᠤ ᠲᠠᠯ ᠠ | ᠨᠤᠲᠤᠭ ᠤᠨ ᠬᠦᠭᠵᠢᠯᠲᠡ ᠶᠢᠨ ᠵᠢᠮ᠎ᠠ ᠶᠤᠰᠤ ᠶᠢ ᠬᠦᠨᠵᠡᠭᠡᠢ ᠲᠠᠨᠢᠨ ᠤᠨᠤᠪᠴᠢᠲᠠᠢ ᠡᠵᠡᠮᠳᠡᠵᠤ ᠨᠡᠩ ᠵᠦᠪ ᠠᠷᠭ᠎ᠠ | ᠪᠠᠷᠢᠯ᠂ ᠨᠡᠩ ᠪᠤᠳᠠᠲᠠᠢ ᠠᠵᠢᠯ ᠤᠨ ᠰᠤᠷᠳᠠᠯ ᠢᠶᠠᠷ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠪᠠ | ᠪᠤᠬᠢᠷᠳᠤᠯ ᠤᠨ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠶᠢ ᠬᠦᠰᠡᠵᠤ ᠪᠠᠶᠢᠨ᠎ᠠ ᠭᠡᠪᠡ᠃ | | | | | ᠨᠢᠦ ᠵᠢᠶᠦ᠋ᠨ ᠶᠠᠨ ᠪᠠᠷᠠᠳᠠᠨ ᠪᠠᠶᠢᠴᠠᠭᠠᠨ ᠰᠤᠳᠤᠯᠤᠯᠲᠠ ᠬᠢᠬᠦ ᠲᠤᠮᠳᠠ ᠢᠯᠡᠷᠬᠡᠶᠢᠯᠡᠬᠦ ᠳᠤ ᠪᠠᠨ᠂ ᠮᠠᠨ ᠤ | ᠬᠤᠲᠠ ᠦᠷᠬᠦᠯᠵᠢᠯᠡᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠬᠤ ᠶᠢ ᠪᠠᠷᠢᠮᠲᠠᠯᠠᠵᠤ ᠤᠯᠠᠮ ᠨᠢᠭᠡ ᠠᠯᠬᠤᠮ ᠤᠳᠤᠷᠢᠳᠤᠯᠭ᠎ᠠ ᠪᠠᠨ ᠴᠢᠩᠭᠠᠳᠬᠠᠵᠤ ᠰᠡᠳᠬᠢᠴᠡ ᠪᠠᠨ | ᠰᠢᠨᠡᠴᠢᠯᠡᠨ ᠠᠷᠭ᠎ᠠ ᠪᠠᠷᠢᠯ ᠢᠶᠠᠨ ᠴᠢᠩᠭᠠᠷᠠᠭᠤᠯᠵᠤ᠂ ᠪᠠᠶᠢᠴᠠᠭᠠᠨ ᠰᠤᠳᠤᠯᠤᠯᠲᠠ ᠶᠢᠨ ᠲᠤᠭᠤᠢᠢᠯᠠᠩ ᠤᠨ | ᠲᠤᠷᠠᠳᠤᠭᠰᠠᠨ ᠵᠢᠯᠤᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠲᠠᠢ ᠤᠶᠠᠯᠳᠤᠭᠤᠯᠤᠨ ᠲᠠᠯ᠎ᠠ ᠨᠤᠲᠤᠭ ᠤᠨ ᠠᠮᠢ | ᠠᠬᠤᠢ ᠶᠢᠨ ᠬᠠᠮᠠᠭᠠᠯᠠᠯᠲᠠ ᠪᠠ ᠪᠤᠬᠢᠷᠳᠤᠯ ᠤᠨ ᠰᠡᠷᠭᠡᠶᠢᠯᠡᠯᠲᠡ ᠶᠢᠨ ᠡᠯ ᠡ ᠲᠦᠷᠦᠯ ᠤᠨ ᠠᠵᠢᠯ ᠢ ᠠᠬᠢᠭᠤᠯᠵᠤ ᠡᠬᠡ | ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠤᠭᠴᠠᠯᠠᠬᠤ᠂ | ᠦᠵᠡᠰᠬᠦᠯᠡᠩᠲᠤ ᠰᠠᠶᠢᠬᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠳᠤ ᠡᠷᠭᠦᠪᠡᠰᠦ ᠵᠤᠬᠢᠬᠤ ᠬᠤᠪᠢ | ᠨᠡᠮᠡᠷᠢ ᠪᠠᠨ ᠦᠵᠡᠬᠦᠯᠬᠦ ᠪᠠᠷ ᠴᠢᠷᠮᠠᠶᠢᠨ᠎ᠠ ᠬᠡᠪᠡ᠃ |