ᠤᠷᠳᠤᠰ ᠬᠤᠳᠠ ᠶᠢᠨ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠡ ᠶᠢᠨ ᠵᠢᠱᠢᠶ᠎ᠡ ᠦᠵᠡᠬᠦᠯᠬᠦ ᠬᠤᠳᠠ ᠶᠢ ᠡᠬᠦᠳᠦᠨ ᠪᠠᠶᠢᠭᠤᠯᠬᠤ ᠳᠤᠷᠰᠢᠯᠭ᠎ᠠ ᠰᠤᠯᠢᠯᠴᠠᠬᠤ ᠵᠢᠴᠢ ᠠᠬᠢᠭᠤᠯᠬᠤ ᠬᠤᠷᠡᠯ ᠬᠤᠷᠠᠯᠳᠤᠵᠠᠢ
ᠨᠡᠶᠢᠲᠡᠯᠡᠭᠰᠡᠨ ᠴᠠᠭ᠄
2018-07-18
      7 ᠰᠠᠷ᠎ᠡ ᠶᠢᠨ 13 ᠤ ᠡᠳᠦᠷ᠂ ᠤᠷᠳᠤᠰ ᠬᠤᠳᠠ ᠶᠢᠨ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠡ ᠶᠢᠨ ᠵᠢᠱᠢᠶ᠎ᠡ ᠦᠵᠡᠬᠦᠯᠬᠦ ᠬᠤᠳᠠ ᠶᠢ ᠡᠬᠦᠳᠦᠨ ᠪᠠᠶᠢᠭᠤᠯᠬᠤ ᠳᠤᠷᠰᠢᠯᠭ᠎ᠠ ᠰᠤᠯᠢᠯᠴᠠᠬᠤ ᠵᠢᠴᠢ ᠠᠬᠢᠭᠤᠯᠬᠤ ᠬᠤᠷᠡᠯ ᠦᠤᠰᠢᠨ ᠬᠤᠰᠢᠭᠤᠨ ᠳᠤ ᠬᠤᠷᠠᠯᠳᠤᠵᠠᠢ᠃ ᠬᠤᠷᠡᠯ ᠠᠴᠠ ᠡᠬᠦᠳᠦᠨ ᠪᠠᠶᠢᠭᠤᠯᠬᠤ ᠠᠵᠢᠯ ᠤᠨ ᠦᠷ᠎ᠡ ᠪᠦᠳᠦᠮᠵᠢ ᠶᠢ ᠳ᠋ᠦᠡᠭᠨᠡᠨ ᠳᠤᠷᠰᠢᠯᠭ᠎ᠠ ᠰᠤᠯᠢᠯᠴᠠᠵᠤ᠂ ᠳᠠᠷᠠᠭᠠᠭᠢ ᠶᠢᠨ ᠱᠠᠳᠤᠨ ᠤ ᠠᠵᠢᠯ ᠢᠶᠠᠨ ᠪᠠᠶᠢᠷᠢᠯᠠᠭᠤᠯᠪᠠ᠃ ᠬᠤᠳᠠ ᠶᠢᠨ ᠤᠳᠤᠷᠢᠳᠤᠯᠭ᠎ᠠ ᠰᠦ᠋ ᠼᠦᠢ ᠹᠠᠨᠭ᠌ ᠬᠤᠷᠡᠯ ᠳᠤ ᠤᠷᠤᠯᠴᠠᠨ ᠶᠠᠷᠢᠶ᠎ᠡ ᠳᠠᠯᠪᠢᠵᠤ᠂ ᠵᠢᠷᠭᠠᠯᠳᠤ ᠬᠤᠷᠡᠯ ᠡᠷᠬᠢᠯᠡᠵᠡᠢ᠃
      ᠬᠤᠷᠡᠯ ᠳᠤ ᠦᠤᠰᠢᠨ ᠬᠤᠰᠢᠭᠤᠨ ᠤ ᠨᠠᠮ ᠤᠨ ᠬᠤᠷᠢᠶ᠎ᠡ᠂ ᠵᠠᠰᠠᠬ ᠤᠨ ᠤᠷᠳᠤᠨ ᠢᠯᠡᠳᠬᠡᠯ ᠬᠢᠵᠤ ᠬᠤᠳᠠ ᠶᠢᠨ ᠡᠬᠦᠳᠦᠨ ᠪᠠᠶᠢᠭᠤᠯᠬᠤ ᠠᠵᠢᠯ ᠤᠨ ᠠᠯᠪᠠᠨ ᠬᠡᠷ ᠤᠨ ᠬᠠᠷᠢᠭᠤᠴᠠᠯᠭᠠᠳᠠᠨ ᠠᠴᠠ ᠮᠠᠨ ᠤ ᠬᠤᠳᠠ ᠶᠢᠨ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠡ ᠶᠢᠨ ᠵᠢᠱᠢᠶ᠎ᠠ ᠦᠵᠡᠬᠦᠯᠬᠦ ᠬᠤᠳᠠ ᠶᠢ ᠡᠬᠦᠳᠦᠨ ᠪᠠᠶᠢᠭᠤᠯᠬᠤ ᠠᠵᠢᠯ ᠤᠨ ᠪᠠᠶᠢᠳᠠᠯ ᠤᠨ ᠳᠤᠬᠠᠢ ᠬᠠᠷᠢᠭᠤ ᠮᠡᠳᠡᠬᠦᠯᠦᠯᠳᠡ ᠬᠢᠪᠡ᠃ ᠦᠤᠰᠢᠨ ᠬᠤᠰᠢᠭᠤ᠂ ᠵᠡᠬᠦᠨᠭᠠᠷ ᠬᠤᠰᠢᠭᠤ᠂ ᠳ᠋ᠦᠡᠭᠱᠸᠡᠭ ᠳᠤᠭᠤᠷᠢᠬ᠂ ᠬᠤᠳᠠ ᠶᠢᠨ ᠰᠤᠷᠭᠠᠨ ᠬᠦᠮᠦᠵᠢᠯ ᠤᠨ ᠳᠤᠪᠴᠢᠶ᠎ᠡ ᠨᠡᠶᠢᠳᠡᠯᠢᠭ ᠵᠢᠱᠢᠶ᠎ᠡ ᠶᠢᠨ ᠳᠤᠷᠰᠢᠯᠭ᠎ᠠ ᠰᠤᠯᠢᠯᠴᠠᠬᠤ ᠢᠯᠡᠳᠬᠡᠯ ᠬᠢᠵᠡᠢ᠃ᠰᠦ᠋ ᠼᠦᠢ ᠹᠠᠨᠭ᠌ ᠵᠢᠭᠠᠵᠤ ᠭᠠᠷᠭᠠᠬᠤ ᠳᠤ ᠪᠠᠨ᠂ ᠬᠤᠳᠠ ᠳᠠᠶᠠᠭᠠᠷ ᠵᠦᠪ ᠤᠨᠤᠪᠴᠢᠳᠡᠢ ᠤᠯᠤᠰ ᠳᠦᠷᠦ ᠶᠢᠨ ᠴᠢᠭᠯᠡᠯ ᠢ ᠪᠠᠷᠢᠮᠳᠡᠯᠡᠨ ᠡᠬᠦᠳᠦᠨ ᠪᠠᠶᠢᠭᠤᠯᠬᠤ ᠠᠵᠢᠯ ᠤᠨ ᠦᠵᠡᠯ ᠰᠠᠨᠠᠭᠠᠨ ᠤ ᠰᠠᠭᠤᠷᠢ ᠶᠢ ᠪᠠᠳᠤᠳᠬᠠᠨ᠂ ᠰᠢ ᠶᠢᠨ ᠫᠢᠡᠭ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠤᠨ ᠵᠤᠷᠢᠬ ᠰᠠᠨᠠᠭ᠎ᠠ ᠶᠢ ᠰᠤᠷᠤᠯᠴᠠᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠶᠢᠨ ᠦᠨᠳᠦᠰᠦᠳᠡᠨ ᠤ ᠠᠵᠢᠯ ᠤᠨ ᠳᠤᠬᠠᠢ ᠰᠢᠷᠢᠰ ᠴᠢᠬᠤᠯᠠ ᠶᠠᠷᠢᠶᠡᠨ ᠤ ᠵᠤᠷᠢᠬ ᠰᠠᠨᠠᠭ᠎ᠠ ᠪᠤᠯᠤᠨ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠨᠠᠶᠢᠳᠠᠪᠤᠷᠢᠵᠢᠭᠤᠯᠵᠤ ᠳᠦᠷᠪᠡᠨ ᠤᠬᠠᠮᠰᠠᠷ ᠢ ᠪᠠᠳᠤ ᠴᠤᠬᠴᠠᠯᠠᠨ ᠳᠦᠷᠪᠡᠨ ᠢᠳᠡᠬᠡᠯ ᠢ ᠪᠠᠳᠤ ᠪᠤᠢ ᠪᠤᠯᠭᠠᠬᠤ ᠬᠡᠷᠡᠭᠳᠡᠢ ᠬᠡᠵᠡᠢ᠃
    ᠰᠦ᠋ ᠼᠦᠢ ᠹᠠᠨᠭ᠌ ᠴᠢᠬᠤᠯᠠᠴᠢᠯᠠᠬᠤ ᠳᠤ ᠪᠠᠨ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ ᠳᠤᠳᠠᠬᠳᠠᠯ ᠢᠶᠠᠨ ᠨᠦᠬᠦᠪᠦᠷᠢᠯᠡᠵᠤ᠂ ᠳᠠᠩᠰᠠ ᠡᠪᠬᠡᠮᠡᠯ ᠪᠠᠶᠢᠭᠤᠯᠤᠨ ᠳᠡᠬᠦᠯᠳᠡᠷᠵᠢᠬᠦᠯᠵᠤ᠂ ᠡᠯ᠎ᠡ ᠳᠦᠷᠦᠯ ᠤᠨ ᠡᠬᠦᠳᠦᠨ ᠪᠠᠶᠢᠭᠤᠯᠬᠤ ᠠᠵᠢᠯ ᠢᠶᠠᠨ ᠦᠨᠳᠦᠷ ᠴᠢᠨᠡᠷ ᠴᠢᠨᠰᠠᠭ᠎ᠠ ᠪᠠᠷ ᠪᠡᠶᠡᠯᠡᠬᠦᠯᠬᠦ ᠬᠡᠷᠡᠭᠳᠡᠢ᠃ ᠠᠵᠢᠯ ᠤᠨ ᠳᠤᠬᠳᠠᠯᠴᠠᠭ᠎ᠠ ᠪᠠᠨ ᠳᠡᠬᠦᠯᠳᠡᠷᠵᠢᠬᠦᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠳᠡᠬᠡᠳᠦ ᠬᠡᠮᠵᠢᠶᠡᠨ ᠤ ᠬᠠᠷᠢᠭᠤᠴᠠᠯᠭᠠᠳᠤ ᠰᠡᠳᠬᠢᠯᠬᠡ ᠪᠠᠷ ᠠᠵᠢᠯ ᠤᠨ ᠰᠢᠨ᠎ᠡ ᠪᠠᠶᠢᠳᠠᠯ ᠢ ᠪᠤᠢ ᠪᠤᠯᠭᠠᠵᠤ ᠬᠠᠷᠠᠯᠳᠠ ᠡᠬᠦᠷᠬᠡ ᠪᠠᠨ ᠴᠠᠬ ᠲᠤ ᠪᠠᠨ ᠪᠡᠶᠡᠯᠡᠬᠦᠯᠬᠦ ᠬᠡᠷᠡᠭᠳᠡᠢ ᠬᠡᠵᠡᠢ᠃     ᠬᠤᠷᠡᠯ ᠠᠴᠠ ᠡᠮᠦᠨ᠎ᠡ᠂ ᠬᠤᠷᠡᠯ ᠳᠤ ᠤᠷᠤᠯᠴᠠᠭᠰᠠᠳ ᠮᠠᠨ ᠤ ᠬᠤᠰᠢᠭᠤᠨ ᠤ ᠮᠤᠩᠭᠤᠯ ᠡᠮᠨᠡᠯᠬᠡ ᠶᠢᠨ ᠬᠤᠷᠢᠶ᠎ᠡ᠂ ᠤᠷᠳᠤᠰ ᠬᠤᠳᠠ ᠶᠢᠨ ᠦᠨᠳᠦᠰᠦᠳᠡᠨ ᠤ ᠪᠦᠯᠬᠦᠮᠳᠡᠯ ᠳᠠᠪᠰᠢᠯᠳᠡ ᠶᠢᠨ ᠰᠤᠷᠭᠠᠨ ᠬᠦᠮᠦᠵᠢᠯ ᠤᠨ ᠰᠠᠭᠤᠷᠢᠨ ᠭᠠᠵᠠᠷ᠂ ᠬᠤᠰᠢᠭᠤ ᠵᠠᠰᠠᠬ ᠤᠨ ᠶᠠᠪᠤᠳᠠᠯ ᠤᠨ ᠦᠢᠯᠡᠴᠢᠯᠡᠬᠡᠨ ᠤ ᠳᠦᠪ᠂ ᠭᠤᠷᠪᠠᠳᠤᠭᠠᠷ ᠳᠤᠷᠰᠢᠯᠳᠡ ᠶᠢᠨ ᠪᠠᠭ᠎ᠠ ᠰᠤᠷᠭᠠᠭᠤᠯᠢ ᠵᠡᠷᠬᠡ ᠭᠠᠵᠠᠷ ᠢᠶᠠᠷ ᠳᠤᠭᠤᠷᠢᠨ ᠪᠠᠶᠢᠴᠠᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号