ᠴᠢ᠊ ᠪᠢᠰᠢᠷᠠᠯᠳᠤ ᠨᠠᠷ ᠮᠠᠨ ᠤ ᠬᠤᠰᠢᠭᠤᠨ ᠳᠤ ᠢᠷᠡᠵᠤ ᠶᠠᠳᠠᠭᠤ ᠶᠢ ᠲᠡᠳᠭᠦᠭᠦ ᠠᠵᠢᠯ ᠳᠤ ᠪᠠᠶᠢᠴᠠᠭᠠᠨ ᠰᠤᠳᠤᠯᠤᠯᠳᠡ ᠬᠢᠪᠠ
ᠨᠡᠶᠢᠲᠡᠯᠡᠭᠰᠡᠨ ᠴᠠᠭ᠄
2018-07-18
     7 ᠰᠠᠷ᠎ᠠ ᠶᠢᠨ 10 ᠤ ᠡᠳᠦᠷ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠴᠢ᠊ ᠪᠢᠰᠢᠷᠠᠯᠳᠤ ᠨᠠᠷ ᠮᠠᠨ ᠤ ᠬᠤᠰᠢᠭᠤᠨ ᠳᠤ ᠢᠷᠡᠵᠤ ᠶᠠᠳᠠᠭᠤ ᠶᠢ ᠲᠡᠳᠭᠦᠭᠦ ᠠᠵᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠡ ᠬᠢᠪᠠ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠵᠠᠩ ᠶᠦᠸᠧ ᠴᠢᠩ᠂ ᠶᠠᠩ ᠮᠢᠩ᠂ ᠸᠠᠩ ᠫᠢᠩ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠲᠠᠷᠤᠭ᠎ᠠ ᠹᠠᠨ ᠵᠢᠶᠦ᠋ᠨ ᠫᠢᠩ᠂ ᠬᠤᠳᠠ ᠶᠢᠨ ᠡᠳ᠋ ᠤᠨ ᠵᠠᠰᠠᠭ ᠤᠨ ᠲᠤᠪᠴᠢᠶ᠎ᠠ ᠶᠢᠨ ᠲᠠᠷᠤᠭ᠎ᠠ ᠸᠠᠩ ᠷᠦᠢ ᠵᠢᠴᠢ ᠬᠤᠰᠢᠭᠤ ᠤᠳᠤᠷᠢᠳᠤᠯᠭ᠎ᠠ ᠪᠤᠶᠠᠨᠮᠠᠨᠳᠤᠬᠤ᠂ ᠴᠢᠶᠤᠤ ᠠᠢ ᠫᠢᠩ᠂ ᠬᠤᠳᠠ᠂ ᠬᠤᠰᠢᠭᠤᠨ ᠤ ᠬᠤᠯᠪᠤᠬᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃
     ᠴᠢ᠊ ᠪᠢᠰᠢᠷᠠᠯᠳᠤ ᠨᠠᠷ ᠤᠷᠢᠳ ᠬᠤᠵᠢᠳ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠪᠰᠤᠷᠤᠨ ᠲᠡᠳᠭᠦᠭᠦ ᠴᠡᠭ ᠪᠤᠯᠬᠤ ᠭᠠᠯᠠᠭᠤᠳᠤ ᠪᠠᠯᠭᠠᠰᠤᠨ ᠤ ᠭᠦᠭᠡᠨᠡᠭᠤᠷ ᠭᠠᠴᠠᠭᠠᠨ ᠤ ᠶᠡᠷᠦᠩᠭᠡᠶᠢᠯᠡᠭᠰᠡᠨ ᠤᠢᠢᠯᠡᠴᠢᠯᠡᠭᠡᠨ ᠤ ᠲᠤᠰᠬᠠᠢ ᠬᠤᠷᠰᠢᠶᠠᠵᠢᠯ ᠤᠨ ᠬᠤᠨᠢᠨ ᠠᠬᠠᠷ ᠬᠤᠷᠢᠶᠠᠨ ᠬᠠᠳᠠᠭᠠᠯᠠᠬᠤ ᠭᠦᠮᠦᠷᠭᠡ᠂ ᠲᠠᠷᠢᠶᠠᠯᠠᠩ ᠤᠨ ᠮᠠᠰᠢᠨ ᠤ ᠤᠢᠢᠯᠡᠴᠢᠯᠡᠬᠡᠨ ᠤ ᠲᠦᠪ ᠤᠨ ᠲᠦᠷᠦᠯ ᠵᠦᠢᠯ ᠤᠨ ᠡᠷᠬᠢᠯᠳᠡ ᠶᠢᠨ ᠪᠠᠶᠢᠳᠠᠯ ᠢ ᠪᠠᠶᠢᠴᠠᠭᠠᠨ ᠦᠵᠡᠪᠡ᠃      ᠤᠢᠢᠯᠠᠭᠠᠬᠰᠠᠨ ᠢᠶᠠᠷ᠂ ᠭᠠᠯᠠᠭᠤᠳᠤ ᠪᠠᠯᠭᠠᠰᠤᠨ ᠤ ᠭᠦᠭᠡᠨᠡᠭᠤᠷ ᠭᠠᠴᠠᠭᠠᠨ ᠤ ᠶᠡᠷᠦᠩᠭᠡᠶᠢᠯᠡᠭᠰᠡᠨ ᠤᠢᠢᠯᠡᠴᠢᠯᠡᠭᠡᠨ ᠤ ᠲᠤᠰᠬᠠᠢ ᠬᠤᠷᠰᠢᠶᠠᠵᠢᠯ ᠨᠢ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠰᠬᠤᠨ ᠳᠤ ᠰᠠᠭᠤᠭ᠎ᠠ ᠠᠵᠢᠯ ᠤᠨ ᠲᠤᠭᠤᠢᠢᠯᠠᠩ ᠤᠨ ᠵᠤᠬᠢᠴᠠᠭᠤᠯᠭ᠎ᠠ ᠪᠠᠷ 2018 ᠤᠨ ᠤ 3 ᠰᠠᠷ᠎ᠠ ᠶᠢᠨ 7 ᠤ ᠡᠳᠦᠷ ᠪᠠᠶᠢᠭᠤᠯᠤᠬᠳᠠᠵᠤ᠂ ︽ᠨᠠᠮ ᠤᠨ ᠡᠭᠦᠷ + ᠬᠤᠷᠰᠢᠶᠠᠵᠢᠯ + ᠶᠠᠳᠠᠭᠤ ᠡᠷᠦᠭᠡ + ᠪᠤᠰᠤᠳ ᠮᠠᠯᠵᠢᠯ ᠤᠨ ᠡᠷᠦᠭᠡ + ᠠᠵᠤ ᠠᠬᠤᠢᠢᠯᠠᠯ︾ ᠤᠨ ᠭᠡᠯᠪᠡᠷᠢ ᠪᠠᠷ ᠡᠷᠬᠢᠯᠳᠡ ᠬᠢᠵᠤ᠂ ᠤᠳᠤᠬᠠᠨ ᠳᠤ ᠬᠤᠪᠢ ᠤᠷᠤᠭᠤᠯᠤᠭᠰᠠᠨ ᠮᠠᠯᠴᠢᠨ ᠲᠠᠷᠢᠶᠠᠴᠢᠨ ᠡᠷᠦᠬᠡ ᠨᠠᠶᠢᠳᠠ 63 ᠡᠷᠦᠬᠡ᠂ 36.5 ᠲᠦᠮᠡᠨ ᠲᠦᠭᠦᠷᠢᠭ ᠪᠠᠶᠢᠵᠤ᠂ ᠭᠤᠤᠯᠳᠠᠭᠤ ᠤᠯᠠᠨ ᠴᠢᠳᠡᠪᠬᠢᠳᠦ ᠬᠤᠨᠢᠨ ᠠᠬᠠᠷ ᠤᠨ ᠬᠤᠷᠢᠶᠠᠨ ᠬᠠᠳᠠᠭᠠᠯᠠᠬᠤ ᠬᠦᠮᠦᠷᠭᠡ ᠪᠠ ᠲᠠᠷᠢᠶᠠᠯᠠᠩ ᠤᠨ ᠮᠠᠰᠢᠨ ᠤ ᠤᠢᠢᠯᠡᠴᠢᠯᠡᠭᠡᠨ ᠤ ᠲᠦᠷᠦᠯ ᠵᠦᠢᠯ ᠢ ᠭᠡᠷᠡᠭᠵᠢᠭᠦᠯᠳᠡᠭ᠃      ᠴᠢ᠊ ᠪᠢᠰᠢᠷᠠᠯᠳᠤ ᠬᠤᠷᠰᠢᠶᠠᠵᠢᠯ ᠤᠨ ᠭᠦᠭᠵᠢᠯᠳᠡ ᠶᠢᠨ ᠪᠠᠶᠢᠳᠠᠯ ᠢ ᠤᠢᠢᠯᠠᠭᠠᠬᠰᠠᠨ ᠤ ᠲᠠᠷᠠᠭ᠎ᠠ ᠴᠢᠬᠤᠯᠠᠴᠢᠯᠠᠬᠤ ᠳᠠᠭᠠᠨ᠂ ᠬᠤᠷᠰᠢᠶᠠᠵᠢᠯ ᠤᠨ ᠤᠢᠢᠯᠠᠳᠤᠯ ᠢ ᠰᠠᠶᠢᠳᠤᠷ ᠪᠠᠳᠠᠷᠠᠭᠤᠯᠵᠤ᠂ ᠵᠠᠬ᠎ᠠ ᠲᠠᠯᠭᠡᠭᠦᠷ ᠢ ᠠᠳᠬᠤᠨ᠂ ᠲᠤᠬᠢᠶᠠᠯ ᠢ ᠵᠠᠪᠳᠤᠨ ᠢᠳᠡᠪᠭᠢᠳᠡᠢ ᠪᠠᠷ ᠶᠠᠳᠠᠭᠤ ᠭᠦᠴᠢᠷᠳᠡᠯᠳᠡᠢ ᠮᠠᠯᠴᠢᠨ ᠲᠠᠷᠢᠶᠠᠴᠢᠨ ᠡᠷᠦᠭᠡ ᠶᠢ ᠬᠠᠪᠰᠤᠷᠤᠨ ᠶᠠᠳᠠᠭᠤ ᠠᠴᠠ ᠠᠩᠬᠢᠵᠢᠷᠠᠭᠤᠯᠤᠨ᠂ ᠮᠠᠯᠴᠢᠨ ᠲᠠᠷᠢᠶᠠᠴᠢᠳ ᠢ ᠲᠠᠶᠢᠴᠢᠯᠠᠨ ᠪᠠᠶᠠᠵᠢᠯ ᠤᠨ ᠵᠠᠮ ᠢᠶᠠᠷ ᠵᠠᠮᠨᠠᠬᠤ ᠭᠡᠷᠡᠭᠳᠡᠢ ᠭᠡᠪᠡ᠃ ᠲᠠᠷᠠ ᠪᠠᠰᠠ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠰᠬᠤᠨ ᠳᠤ ᠰᠠᠭᠤᠭ᠎ᠠ ᠠᠵᠢᠯ ᠤᠨ ᠲᠤᠭᠤᠢᠢᠯᠠᠩ ᠤᠨ ᠠᠵᠢᠯ᠂ ᠠᠮᠢᠳᠤᠷᠠᠯ ᠤᠨ ᠪᠠᠶᠢᠳᠠᠯ ᠢ ᠤᠢᠢᠯᠠᠭᠠᠨ ᠦᠵᠡᠪᠡ᠃      ᠵᠠᠯᠭᠠᠭᠠᠳ ᠴᠢ᠊ ᠪᠢᠰᠢᠷᠠᠯᠳᠤ ᠨᠠᠷ ᠶᠠᠳᠠᠭᠤ ᠭᠦᠴᠢᠷᠳᠡᠯᠳᠡᠢ ᠡᠷᠦᠭᠡ ᠪᠤᠬᠤᠯᠠᠢ ᠨᠠᠰᠤᠳᠠᠨ ᠤ ᠳᠤ ᠭᠦᠷᠴᠦ᠂ ᠨᠠᠰᠤᠳᠠᠨ ᠲᠠᠢ ᠰᠡᠳᠬᠢᠯ ᠤᠨ ᠦᠬᠡ ᠪᠠᠨ ᠲᠠᠯᠭᠡᠨ᠂ ᠡᠪᠡᠳᠴᠢᠨ ᠡᠮᠭᠡᠭ ᠲᠤ ᠨᠡᠷᠪᠡᠭᠳᠡᠭᠰᠡᠨ ᠮᠦᠷᠳᠡᠭᠡᠨ ᠭᠦᠳᠡᠯᠮᠦᠷᠢ ᠭᠦᠴᠦ ᠬᠤᠮᠰᠠᠳᠠᠬᠰᠠᠨ ᠠᠴᠠ ᠪᠤᠯᠵᠤ᠂ ᠠᠮᠢᠳᠤᠷᠠᠯ ᠨᠢ ᠭᠦᠴᠢᠷᠳᠡᠯᠳᠡᠢ ᠪᠤᠯᠤᠬᠰᠠᠨ ᠢ ᠤᠢᠢᠯᠠᠭᠠᠨ ᠮᠠᠳᠠᠵᠤ᠂ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠢ ᠶᠠᠳᠠᠭᠤ ᠶᠢ ᠲᠡᠳᠭᠦᠭᠦ ᠲᠦᠯᠦᠪᠯᠡᠭᠡ ᠪᠠᠨ ᠲᠤᠳᠤᠷᠬᠠᠢ ᠲᠤᠬᠳᠠᠭᠠᠵᠤ᠂ ᠨᠢᠭᠡ ᠳᠤ ᠨᠢᠭᠡ ᠬᠠᠷᠭᠤᠭᠤᠯᠤᠨ ᠤᠨᠢᠨ ᠲᠡᠭᠡᠷ᠎ᠡ ᠨᠢ ᠤᠨᠤᠪᠴᠢᠳᠡᠢ ᠬᠠᠪᠰᠤᠷᠤᠨ ᠲᠡᠳᠭᠦᠭᠦ ᠭᠡᠷᠡᠭᠳᠡᠢ ᠭᠡᠪᠡ᠃     ᠲᠤᠭ ᠪᠠᠯᠭᠠᠰᠤᠨ ᠤ ᠰᠢᠷᠭᠠᠮᠤᠷᠢ ᠲᠤᠰᠬᠤᠨ ᠤ ᠶᠠᠳᠠᠭᠤ ᠭᠦᠴᠢᠷᠳᠡᠯᠳᠡᠢ ᠡᠷᠦᠭᠡ ᠳ᠋ᠦ᠋ ᠵᠢᠶᠠᠨ ᠫᠢᠩ ᠤᠨ ᠳᠤ ᠭᠦᠷᠴᠦ᠂ ᠤᠢᠢᠯᠡᠳᠪᠤᠷᠢᠯᠡᠯ ᠠᠮᠢᠳᠤᠷᠠᠯ ᠤᠨ ᠰᠠᠭᠤᠷᠢ ᠲᠦᠭᠦᠭᠡᠷᠦᠮᠵᠢ ᠶᠢ ᠪᠠᠶᠢᠴᠠᠭᠠᠨ ᠦᠵᠡᠵᠤ᠂ ᠳ᠋ᠦ᠋ ᠵᠢᠶᠠᠨ ᠫᠢᠩ ᠢ ᠦᠵᠡᠯᠳᠡ ᠲᠠᠨᠢᠯᠳᠡ ᠪᠠᠨ ᠦᠬᠡᠷᠡᠴᠢᠯᠡᠨ᠂ ᠦᠪᠡᠷ ᠤᠨ ᠰᠠᠨᠠᠭᠠᠴᠢᠯᠠᠭ᠎ᠠ ᠠᠴᠠ ᠢᠳᠡᠪᠬᠢᠳᠡᠢ ᠪᠠᠷ ᠭᠦᠴᠦᠯᠡᠨ ᠴᠢᠷᠮᠡᠶᠢᠵᠤ᠂ ᠲᠤᠳᠤᠭᠠᠳᠤ ᠭᠦᠴᠦᠨ ᠢᠶᠠᠨ ᠨᠡᠮᠡᠭᠳᠡᠭᠦᠯᠦᠨ ᠡᠷᠳᠡ ᠨᠢᠭᠡᠨ ᠡᠳᠦᠷ ᠶᠠᠳᠠᠭᠤ ᠠᠴᠠ ᠠᠩᠬᠢᠵᠢᠷᠠᠵᠤ ᠴᠢᠨᠡᠭᠡᠯᠢᠭ ᠠᠮᠢᠳᠤᠷᠠᠯ ᠤᠨ ᠵᠠᠮ ᠢᠶᠠᠷ ᠵᠠᠮᠨᠠᠬᠤ ᠶᠢ ᠵᠤᠷᠢᠬᠵᠢᠭᠤᠯᠬᠤ ᠶᠢᠨ ᠬᠠᠮᠲᠤ ᠴᠢᠬᠤᠯᠠᠴᠢᠯᠠᠬᠤ ᠳᠠᠭᠠᠨ᠂ ᠳ᠋ᠥ᠋ ᠵᠢᠶᠠᠨ ᠫᠢᠩ ᠤᠨ ᠳᠤ ᠶᠠᠳᠠᠭᠤ ᠶᠢ ᠲᠡᠳᠭᠦᠭᠦ ᠲᠦᠷᠦᠯ ᠵᠦᠢᠯ ᠤᠨ ᠭᠡᠷᠡᠭᠵᠢᠭᠦᠯᠦᠯᠳᠡ ᠨᠠᠯᠢᠶᠠᠳ ᠰᠠᠶᠢᠨ ᠪᠠᠶᠢᠵᠤ᠂ ᠰᠠᠭᠤᠷᠢ ᠲᠦᠭᠦᠭᠡᠷᠦᠮᠵᠢ ᠪᠦᠷᠢᠨ ᠲᠦᠭᠦᠷᠵᠢᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ ᠬᠠᠮᠢᠶ᠎ᠠ ᠪᠦᠭᠦᠢ ᠰᠠᠯᠠᠭ᠎ᠠ ᠮᠦᠴᠢᠷ ᠨᠢ ᠳ᠋ᠥ᠋ ᠵᠢᠶᠠᠨ ᠫᠢᠩ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ᠂ ᠡᠮ ᠡᠮᠨᠡᠯᠭᠡ ᠶᠢᠨ ᠲᠠᠩᠰᠠᠨ ᠠᠴᠠ ᠲᠠᠶᠢᠯᠠᠬᠤ ᠵᠡᠷᠭᠡ ᠬᠤᠯᠪᠤᠬᠳᠠᠯ ᠪᠦᠭᠦᠢ ᠠᠰᠠᠭᠤᠳᠠᠯ ᠢ ᠲᠠᠷᠦ᠋ᠢᠬᠠᠨ ᠰᠢᠢᠳᠪᠤᠷᠢᠯᠡᠵᠤ᠂ ᠠᠵᠤ ᠠᠬᠤᠢᠢᠯᠠᠯ ᠢᠶᠠᠷ ᠲᠡᠳᠭᠦᠭᠦ ᠲᠦᠯᠦᠪᠯᠡᠭᠡ ᠶᠢ ᠲᠤᠬᠳᠠᠭᠠᠨ᠂ ᠰᠢᠨᠵᠢᠯᠠᠭᠦ ᠤᠬᠠᠭᠠᠨᠴᠢ ᠪᠠᠷ ᠲᠠᠷᠢᠵᠤ ᠲᠡᠵᠢᠭᠡᠭᠦ ᠮᠡᠷᠭᠡᠵᠢᠯ ᠤᠨ ᠵᠢᠯᠤᠭᠤᠳᠤᠯᠭ᠎ᠠ ᠬᠢᠵᠤ᠂ ᠭᠦᠴᠢᠷ ᠢ ᠲᠤᠭᠤᠯᠤᠨ ᠡᠷᠳᠡ ᠨᠢᠭᠡᠨ ᠡᠳᠦᠷ ᠶᠠᠳᠠᠭᠤ ᠠᠴᠠ ᠠᠩᠬᠢᠵᠢᠷᠠᠭᠤᠯᠬᠤ ᠭᠡᠷᠡᠭᠳᠡᠢ ᠭᠡᠪᠡ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号