ᠪᠦᠬᠦ ᠤᠯᠤᠰ ᠤᠨ ᠰᠢᠶᠠᠨ ᠤ ᠲᠠᠰ ᠤᠨ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ ᠠᠵᠢᠯ ᠢ ᠡᠮᠬᠢ | ᠵᠢᠷᠤᠮ ᠲᠠᠢ ᠦᠷᠨᠢᠬᠦᠯᠬᠦ ᠶᠢᠨ ᠲᠦᠯᠦᠬᠡ᠂ ᠤᠶᠢᠷ᠎ᠠ ᠶᠢᠨ ᠡᠳᠦᠷ ᠮᠠᠨ ᠤ ᠬᠤᠰᠢᠭᠤᠨ ᠤ ᠬᠠᠤᠯᠢ ᠬᠡᠷᠡᠭᠵᠢᠬᠦᠯᠬᠦ | ᠲᠤᠪᠴᠢᠶ᠎ᠠ ᠨᠢ ᠰᠠᠯᠠᠭᠠᠨ ᠲᠠᠰ ᠠᠴᠠ ᠲᠡᠭᠡᠭᠰᠢᠬᠢ ᠤᠳᠤᠷᠢᠳᠤᠯᠭ᠎ᠠ᠂ ᠡᠯ᠎ᠡ ᠶᠡᠭᠡ ᠠᠩᠬᠢ ᠶᠢᠨ ᠬᠠᠮᠢᠶ᠎ᠠ ᠪᠦᠬᠦᠢ | ᠬᠠᠷᠢᠭᠤᠴᠠᠯᠭᠠᠳᠠᠳ ᠢ ᠵᠤᠬᠢᠶᠠᠨ ᠪᠠᠶᠢᠭᠤᠯᠵᠤ᠂ ᠱᠠᠨᠰᠢ ᠮᠤᠵᠢ ᠶᠢᠨ ᠲᠡᠮᠡᠬᠡᠳᠤ ᠬᠤᠳᠠ᠂ ᠵᠡᠭᠦᠨᠭᠠᠷ ᠬᠤᠰᠢᠭᠤ᠂ | ᠳ᠋ᠦᠩᠱᠧᠩ ᠲᠤᠭᠤᠷᠢᠭ ᠵᠡᠷᠭᠡ ᠭᠠᠵᠠᠷ ᠲᠤ ᠬᠦᠷᠴᠤ᠂ ᠪᠦᠬᠦ ᠤᠯᠤᠰ ᠤᠨ ᠰᠢᠶᠠᠨ ᠤ ᠲᠠᠰ ᠤᠨ ᠪᠤᠯᠪᠠᠰᠤᠨ | ᠬᠤᠳᠠ ᠶᠢ ᠡᠬᠦᠳᠦᠨ ᠪᠠᠶᠢᠭᠤᠯᠬᠤ ᠠᠵᠢᠯ ᠤᠨ ᠲᠡᠷᠢᠬᠦᠨ ᠤ ᠲᠤᠷᠰᠢᠯᠭ᠎ᠠ ᠶᠢ ᠲᠤᠭᠤᠷᠢᠨ ᠰᠤᠷᠤᠯᠴᠠᠭᠰᠠᠨ ᠪᠠᠶᠢᠨ᠎ᠠ᠃ | ᠲᠤᠭᠤᠷᠢᠨ ᠰᠤᠷᠤᠯᠴᠠᠬᠤ ᠲᠤᠭᠤᠶᠢᠯᠠᠩ ᠨᠢ ᠰᠠᠭᠤᠳᠠᠯ ᠤᠨ ᠬᠤᠷᠠᠯ ᠪᠠ ᠲᠤᠬᠠᠢ ᠶᠢᠨ ᠭᠠᠵᠠᠷ ᠲᠤᠨᠢ ᠤᠴᠢᠵᠤ | ᠲᠤᠭᠤᠷᠢᠨ ᠦᠵᠡᠬᠦ ᠵᠡᠷᠬᠡ ᠠᠷᠭ᠎ᠠ ᠪᠠᠷᠢᠯ ᠢᠶᠠᠷ ᠲᠠᠮᠵᠢᠭᠤᠯᠤᠨ᠂ ᠡᠯ᠎ᠡ ᠬᠤᠳᠠ ᠲᠤᠭᠤᠷᠢᠭ ᠤᠨ ᠬᠤᠳᠠ ᠶᠢᠨ | ᠬᠠᠮᠢᠶᠠᠷᠤᠯᠳᠠ ᠶᠢᠨ ᠬᠡᠪᠴᠢᠶᠠᠨ ᠳᠠᠬᠢ ᠲᠡᠷᠬᠡᠨ ᠦᠷᠳᠡᠭᠡ᠂ ᠬᠠᠶᠠᠭᠳᠠᠮᠠᠯ ᠡᠳ᠋ ᠲᠦᠪᠯᠡᠷᠡᠬᠦᠯᠦᠨ ᠬᠤᠷᠢᠶᠠᠬᠤ ᠭᠠᠵᠠᠷ᠂ | ᠴᠢᠯᠠᠭᠤ ᠪᠤᠯᠪᠠᠰᠤᠷᠠᠭᠤᠯᠬᠤ ᠦᠢᠯᠡᠳᠪᠦᠷᠢ ᠵᠢᠴᠢ ᠲᠤᠮᠤ ᠬᠡᠯᠪᠡᠷᠢ ᠶᠢᠨ ᠬᠤᠳᠠᠯᠳᠤᠭᠠᠨ ᠤ ᠲᠡᠯᠡᠪᠤᠷ ᠵᠡᠷᠬᠡ ᠭᠠᠵᠠᠷ | ᠤᠷᠤᠨ ᠤ ᠬᠠᠮᠢᠶᠠᠷᠤᠯᠲᠠ ᠶᠢᠨ ᠠᠷᠭ᠎ᠠ ᠪᠠᠷᠢᠯ᠂ ᠲᠡᠷᠢᠬᠦᠨ ᠤ ᠲᠤᠷᠰᠢᠯᠭ᠎ᠠ ᠶᠢ ᠲᠤᠭᠤᠷᠢᠨ ᠰᠤᠷᠤᠯᠴᠠᠵᠤ᠂ ᠡᠯ᠎ᠡ | ᠭᠠᠵᠠᠷ ᠤᠷᠤᠨ ᠤ ᠬᠠᠤᠯᠢ ᠵᠦᠷᠢᠴᠡᠭᠰᠡᠨ ᠠᠵᠢᠯᠯᠠᠭ᠎ᠠ ᠶᠢ ᠬᠡᠷᠬᠢᠨ ᠲᠤᠷᠭᠤᠭᠠᠨ ᠰᠢᠢᠳᠬᠡᠬᠦ᠂ ᠪᠤᠯᠪᠠᠰᠤᠨ ᠬᠤᠳᠠ ᠶᠢ | ᠡᠬᠦᠳᠦᠨ ᠪᠠᠶᠢᠭᠤᠯᠬᠤ ᠳᠤ ᠬᠠᠤᠯᠢ ᠬᠡᠷᠡᠭᠵᠢᠬᠦᠯᠬᠦ ᠠᠵᠢᠯᠳᠠᠳ ᠶᠡᠪᠠᠭᠠᠨ ᠪᠤᠶᠤ ᠲᠤᠭᠤᠢ ᠲᠡᠷᠬᠡ ᠪᠠᠷ ᠲᠤᠭᠤᠷᠢᠨ | ᠪᠠᠶᠢᠴᠠᠭᠠᠬᠤ᠂ ᠠᠵᠢᠯᠯᠠᠵᠤ ᠠᠮᠠᠷᠠᠬᠤ ᠳᠠᠭᠠᠨ ᠲᠡᠷᠬᠡ ᠮᠠᠰᠢᠨ ᠢ ᠡᠷᠦᠢ ᠬᠤᠷᠤᠢ ᠦᠬᠡᠢ ᠵᠤᠭᠰᠤᠭᠠᠭᠰᠠᠨ ᠦᠵᠡᠭᠳᠡᠯ ᠢ | ᠬᠡᠷᠬᠢᠨ ᠲᠤᠬᠢᠳᠠᠢ ᠴᠡᠭᠴᠡᠯᠡᠭᠦ᠂ ᠬᠠᠶᠠᠭᠳᠠᠮᠠᠯ ᠡᠳ᠋ ᠢ ᠨᠢᠬᠡᠳᠦᠯᠳᠡᠢ ᠲᠦᠪᠯᠡᠷᠡᠬᠦᠯᠦᠨ ᠬᠤᠷᠢᠶᠠᠬᠤ ᠭᠠᠵᠠᠷ᠂ ᠭᠠᠷ | ᠲᠠᠮᠵᠢᠭᠰᠠᠨ ᠮᠠᠰᠢᠨ ᠲᠡᠷᠬᠡᠨ ᠤ ᠵᠠᠬ᠎ᠠ ᠲᠡᠯᠬᠡᠭᠦᠷ ᠢ ᠴᠡᠭᠴᠡᠯᠡᠨ ᠵᠢᠷᠤᠮᠵᠢᠭᠤᠯᠵᠤ ᠪᠠᠶᠢᠭ᠎ᠠ ᠪᠠᠶᠢᠳᠠᠯ ᠢ ᠨᠠᠷᠢᠨ | ᠤᠢᠢᠯᠠᠭᠠᠭᠰᠠᠨ ᠪᠠᠶᠢᠨ᠎ᠠ᠃ ᠲᠤᠭᠤᠷᠢᠨ ᠰᠤᠷᠤᠯᠴᠠᠬᠤ ᠲᠤᠭᠤᠶᠢᠯᠠᠩ ᠨᠢ ᠡᠯ᠎ᠡ ᠭᠠᠵᠠᠷ ᠤᠷᠤᠨ ᠤ ᠬᠤᠳᠠ ᠶᠢᠨ | ᠪᠦᠳᠦᠬᠡᠨ ᠪᠠᠶᠢᠭᠤᠯᠤᠯᠳᠡ ᠶᠢᠨ ᠲᠤᠬᠠᠢ ᠲᠡᠷᠢᠬᠦᠨ ᠤ ᠠᠵᠢᠯ ᠤᠨ ᠲᠤᠷᠰᠢᠯᠭ᠎ᠠ ᠶᠢ ᠨᠠᠷᠢᠨ ᠨᠢᠮᠪᠡᠢ ᠰᠤᠷᠤᠯᠴᠠᠵᠤ᠂ | ᠲᠤᠳᠠᠭᠳᠠᠯ ᠢᠶᠠᠨ ᠨᠦᠬᠦᠪᠦᠷᠢᠯᠡᠵᠤ᠂ ᠲᠠᠪᠠᠭᠤᠯᠢᠭ ᠢᠶᠠᠨ ᠪᠠᠳᠠᠷᠠᠭᠤᠯᠤᠨ᠂ ᠪᠦᠬᠦ ᠤᠯᠤᠰ ᠤᠨ ᠰᠢᠶᠠᠨ ᠤ ᠲᠠᠰ ᠤᠨ | ᠪᠤᠯᠪᠠᠰᠤᠨ ᠬᠤᠳᠠ ᠶᠢ ᠡᠬᠦᠳᠬᠦ ᠠᠵᠢᠯ ᠢ ᠰᠢᠨ᠎ᠠ ᠨᠢᠬᠡᠨ ᠲᠡᠭᠳᠡᠷ ᠲᠤ ᠭᠠᠷᠭᠠᠬᠤ ᠳᠤ ᠲᠤᠷᠰᠢᠯᠭ᠎ᠠ | ᠬᠤᠷᠠᠮᠳᠤᠭᠤᠯᠤᠭᠰᠠᠨ ᠪᠠᠶᠢᠨ᠎ᠠ᠃ |