ᠲᠤᠭᠤᠷᠢᠮ ᠨᠤᠳᠤᠭ ᠭᠡᠭᠦ ᠪᠠᠷ ᠬᠤᠯᠠ ᠤᠢᠢᠷ᠎ᠠ ᠶᠢᠨ ᠭᠦᠮᠦᠰ ᠤᠨ ᠪᠠᠭ᠋ᠠᠷᠬᠠᠯ ᠢ ᠲᠠᠳᠠᠮ᠎ᠠ ᠰᠠᠶᠢᠬᠠᠨ ᠨᠤᠳᠤᠭ | ᠶᠤᠮ᠃ ᠲᠤᠭᠤᠷᠢᠮ ᠭᠠᠴᠠᠭ᠎ᠠ ᠨᠢ ᠦᠤᠰᠢᠨ ᠬᠤᠰᠢᠭᠤᠨ ᠤ ᠭᠠᠯᠠᠭᠤᠳᠤ ᠪᠠᠯᠭᠠᠰᠤᠨ ᠠᠴᠠ ᠪᠠᠷᠠᠭᠤᠨ ᠬᠤᠶᠢᠰᠢ 17 | ᠺᠢᠯᠤᠮᠧᠳ᠋ᠷ ᠵᠠᠢ ᠲᠠᠢ ᠪᠠᠶᠢᠵᠤ᠂ 300 ᠭᠠᠷᠤᠢ ᠵᠢᠯ ᠤᠨ ᠲᠠᠤᠭᠡ ᠲᠠᠢ ᠲᠤᠭᠤᠷᠢᠮ ᠤᠨ ᠰᠦᠮ᠎ᠡ ᠶᠢᠨ | ᠰᠠᠭᠤᠷᠢᠰᠢᠯ ᠢᠶᠠᠷ ᠲᠦᠪ ᠪᠤᠯᠭᠠᠵᠤ᠂ ᠵᠡᠬᠦᠨ ᠵᠠᠬ᠎ᠠ ᠪᠠ ᠠᠷᠤ ᠲᠠᠯ᠎ᠠ ᠪᠠᠷ ᠢᠶᠠᠨ ᠴᠠᠭ᠎ᠠ ᠤᠪᠤᠭ᠎ᠠ᠂ ᠴᠠᠭᠠᠨ ᠰᠢᠯᠢ | ᠭᠡᠳ ᠰᠢᠯᠢ ᠴᠠᠶᠢᠳᠠᠮ᠂ ᠨᠠᠭᠤᠷ ᠵᠠᠳᠠᠭᠠᠢ ᠬᠡᠯᠬᠢᠯᠳᠤᠵᠤ᠂ ᠪᠠᠷᠠᠭᠤᠨᠰᠢ ᠪᠠ ᠡᠮᠤᠨᠡᠰᠢ ᠪᠠᠨ ᠪᠠᠶᠠᠨ ᠡᠩᠬᠡᠷ᠂ ᠪᠠᠶᠠᠬᠠᠢ᠂ | ᠲᠡᠭᠡᠳᠤ ᠨᠠᠷᠢᠨ ᠭᠡᠳ ᠨᠤᠮᠢᠨ ᠪᠦᠷᠢᠳᠤ᠂ ᠨᠤᠭᠤᠭᠠᠨ ᠬᠦᠳᠡᠭᠡ᠂ ᠪᠠᠯᠠᠷ ᠮᠠᠩᠬ᠎ᠠ ᠪᠠᠷ ᠪᠦᠷᠢᠯᠳᠤᠭ᠍ᠰᠡᠨ 72.3 | ᠲᠦᠮᠡᠨ ᠮᠥ ᠨᠤᠳᠤᠭ ᠲᠡᠪᠢᠰᠭᠡᠷ ᠲᠠᠢ ᠠᠷᠢᠭᠤᠨ ᠲᠤᠩᠭᠠᠯᠠᠭ ᠲᠠᠷᠬᠠᠨ ᠤᠷᠤᠨ ᠪᠤᠯᠬᠤ ᠶᠤᠮ᠃ ᠲᠤᠭᠤᠷᠢᠮ ᠤᠨ | ᠰᠦᠮ᠎ᠡ ᠠᠴᠠ ᠡᠮᠤᠨᠡᠰᠢ 10 ᠺᠢᠯᠤᠮᠧᠳ᠋ᠷ ᠤᠷᠴᠢᠮ ᠤᠨ ᠭᠠᠵᠠᠷ ᠲᠤ ︽ᠶᠡᠭᠡ ᠠᠪᠳᠠᠷ᠎ᠠ᠂ ᠪᠠᠭ᠎ᠠ ᠠᠪᠳᠠᠷ᠎ᠠ︾ ᠭᠡᠰᠡᠨ | ᠬᠤᠶᠠᠷ ᠤᠷᠤᠢ ᠪᠤᠢ᠂ ᠡᠨᠡ ᠤᠷᠤᠢ ᠲᠡᠭᠡᠷ᠎ᠡ ᠭᠠᠷᠪᠠᠯ ᠪᠦᠬᠦ ᠭᠠᠴᠠᠭᠠᠨ ᠤ ᠦᠩᠭᠡ ᠦᠵᠡᠮᠵᠢ ᠬᠠᠷᠠᠭᠠᠨ ᠳᠤ | ᠲᠤᠳᠤᠷᠠᠨ᠎ᠠ᠃ | ᠭᠦᠮᠦᠰ ᠶᠡᠷᠦ ᠨᠢ ᠦᠩᠭᠡ ᠪᠤᠳᠤᠭ ᠰᠤᠯᠤᠩᠭᠠᠷᠠᠵᠤ᠂ ᠭᠦᠭᠵᠢᠶᠠᠨ ᠨᠡᠷᠬᠢᠶᠡᠨ ᠴᠤᠤᠷᠢᠶᠠᠳᠤᠬᠰᠠᠨ | ᠬᠤᠳᠠ ᠶᠢᠨ ᠠᠮᠢᠳᠤᠷᠠᠯ ᠢ ᠪᠠᠭ᠋ᠠᠷᠬᠠᠨ ᠭᠦᠰᠡᠮᠵᠢᠯᠡᠵᠦ᠂ ᠬᠤᠳᠠ ᠳᠤ ᠠᠵᠢᠯᠯᠠᠵᠤ ᠠᠮᠢᠳᠤᠷᠠᠬᠤ ᠶᠢ ᠰᠠᠨᠠᠳᠠᠭ᠃ | ᠭᠡᠪᠡᠴᠦ ᠪᠤᠶᠠᠨᠳᠤ ᠨᠤᠳᠤᠭ ᠲᠤᠭᠤᠷᠢᠮ ᠤᠨ ᠭᠦᠮᠦᠨ ᠠᠷᠠᠳ ᠨᠢ ᠬᠠᠷᠢᠨ ᠬᠤᠳᠠ ᠶᠢᠨ ᠠᠮᠢᠳᠤᠷᠠᠯ ᠢ ᠲᠡᠭᠡᠵᠤ ᠶᠡᠭᠡ | ᠪᠠᠭ᠋ᠠᠷᠬᠠᠳᠠᠭ ᠦᠬᠡᠢ᠂ ᠤᠴᠢᠷ ᠨᠢ ᠠᠳᠡ ᠬᠤᠳᠠ ᠶᠢᠨ ᠠᠷᠠᠳ ᠤᠨ ᠡᠳ᠋ᠯᠡᠵᠤ ᠪᠦᠭᠦᠢ ᠵᠦᠢᠯᠡᠰ ᠢ ᠲᠡᠳᠡ ᠪᠦᠭᠦᠨ ᠢ | ᠡᠳ᠋ᠯᠡᠵᠤ ᠴᠢᠳᠠᠳᠠᠭ ᠠᠴᠠ ᠪᠤᠯᠤᠬᠰᠠᠨ ᠶᠤᠮ᠃ ᠡᠨᠡ ᠵᠢᠯ ᠲᠤᠰ ᠭᠠᠴᠠᠭᠠᠨ ᠳᠤ ᠨᠠᠶᠢᠳᠠ ᠶᠢᠨ ᠭᠡᠷᠡᠭᠯᠡᠭᠡᠨ ᠤ | ᠨᠢᠰᠭᠡᠯ ᠤᠨ ᠲᠠᠯᠠᠪᠤᠷ ᠪᠠᠶᠢᠭᠤᠯᠬᠤ ᠪᠠᠷ ᠪᠤᠯᠤᠬᠰᠠᠨ ᠬᠠᠯᠠᠭᠤᠨ ᠴᠢᠮᠡᠭᠡ ᠲᠤᠭᠤᠯᠳᠠᠵᠤ᠂ ᠵᠠᠰᠠᠭ ᠤᠨ ᠤᠷᠳᠤᠨ 1. | 26 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠨᠢᠭᠡ ᠵᠢᠯ ᠤᠨ ᠬᠤᠭᠤᠴᠠᠭ᠎ᠠ ᠲᠠᠢ ᠪᠠᠷ ᠪᠠᠶᠢᠭᠤᠯᠵᠤ᠂ | 2019 ᠤᠨ ᠳᠤ ᠪᠠᠷᠢᠯᠭ᠎ᠠ ᠲᠠᠭᠤᠰᠬᠠᠬᠤ ᠪᠠᠷ ᠲᠦᠯᠦᠪᠯᠠᠵᠤ ᠪᠠᠶᠢᠨ᠎ᠠ᠃ ᠲᠤᠰ ᠨᠢᠰᠭᠡᠯ ᠤᠨ ᠲᠠᠯᠠᠪᠤᠷ ᠨᠢ ᠤᠢᠢᠷ᠎ᠠ | ᠵᠠᠮ ᠤᠨ ᠠᠶᠠᠨᠴᠢᠳ ᠤᠨ ᠲᠡᠭᠡᠭᠡᠪᠤᠷᠢ᠂ ᠠᠭᠠᠷ ᠤᠨ ᠠᠶᠠᠯᠠᠯ ᠤᠨ ᠵᠢᠭᠤᠯᠴᠢᠯᠠᠯ᠂ ᠠᠭᠠᠷ ᠤᠨ ᠠᠶᠠᠯᠠᠯ ᠤᠨ | ᠵᠦᠭᠡᠭᠡᠪᠤᠷᠢ᠂ ᠬᠠᠶᠢᠯᠳᠠ ᠬᠢᠨ ᠬᠡᠮᠵᠢᠨ ᠵᠢᠷᠤᠬᠤ᠂ ᠪᠠᠴᠢᠮ ᠠᠪᠤᠷᠠᠯᠳᠠ ᠬᠢᠭᠦ᠂ ᠨᠢᠰᠭᠡᠯ ᠤᠨ ᠪᠤᠯᠪᠠᠰᠤᠷᠠᠯ ᠬᠢᠭᠦ | ᠵᠡᠷᠭᠡ ᠶᠢ ᠪᠠᠭᠳᠠᠭᠠᠨ᠎ᠠ᠃ ᠡᠨᠡ ᠰᠠᠶᠢᠬᠠᠨ ᠨᠤᠳᠤᠭ ᠤᠨ ᠭᠦᠷᠦᠰᠦᠨ ᠳᠤ ᠪᠠᠰᠠ ᠤᠯᠠᠨ ᠲᠦᠷᠦᠯ ᠤᠨ ᠪᠠᠶᠢᠭᠠᠯᠢ ᠶᠢᠨ | ᠡᠳ᠋ ᠠᠭᠤᠷᠠᠰᠦ ᠠᠭᠤᠯᠤᠬᠳᠠᠵᠤ᠂ ᠲᠠᠯᠠᠭᠡᠢ ᠶᠢᠨ ᠨᠢᠭᠡᠳᠦᠭᠡᠷ ᠲᠤᠮᠤ ᠰᠢᠳᠠᠮᠠᠬᠠᠢ ᠬᠡᠢ ᠶᠢᠨ ᠠᠢ ᠰᠠᠪᠠ ᠪᠤᠯᠬᠤ | ᠰᠤᠪᠤᠷᠭ᠎ᠠ ᠰᠢᠳᠠᠮᠠᠬᠠᠢ ᠭᠡᠢ ᠶᠢᠨ ᠠᠢ ᠰᠠᠪᠠ ᠠᠳᠡ ᠪᠠᠶᠢᠳᠠᠭ᠃ ᠪᠠᠰᠠ ᠲᠤᠮᠳᠠᠳᠤ ᠤᠯᠤᠰ ᠤᠨ ᠬᠠᠮᠤᠭ ᠤᠨ ᠲᠤᠮᠤ | ᠴᠢᠬᠢ ᠮᠤᠳᠤᠨ ᠤ ᠰᠠᠭᠤᠷᠢᠨ ᠭᠠᠵᠠᠷ ᠪᠤᠯᠬᠤ ︽ᠰᠤᠪᠤᠷᠭ᠎ᠠ ᠴᠢᠬᠢ ᠮᠤᠳᠤᠨ ᠤ ᠭᠦᠷᠢᠶᠠᠯᠠᠩ︾ ᠪᠠᠶᠢᠵᠤ᠂ ᠲᠤᠰ | ᠭᠦᠷᠢᠶᠠᠯᠠᠩ ᠳᠤ 1 ᠲᠦᠮᠡ 3 ᠮᠢᠩᠭᠠᠨ ᠲᠦᠷᠦᠯ ᠤᠨ ᠪᠠᠶᠢᠭᠠᠯᠢ ᠶᠢᠨ ᠠᠮᠢ ᠠᠬᠤᠢ ᠶᠢᠨ ᠤᠷᠭᠤᠮᠠᠯ ᠲᠠᠢ᠂ ᠮᠦᠨ | ᠴᠦ ᠲᠤᠩ ᠤᠯᠠᠨ ᠡᠪᠡᠰᠤᠨ ᠡᠮ ᠤᠷᠭᠤᠳᠠᠭ᠃ | ᠲᠤᠭᠤᠷᠢᠮ ᠨᠤᠳᠤᠭ ᠢᠶᠠᠷ ᠠᠶᠠᠯᠠᠬᠤ ᠪᠠᠷ ᠭᠦᠮᠦᠰ ᠶᠠᠭᠤᠨ ᠤ ᠤᠷᠢᠳᠡ ᠲᠤᠭᠤᠷᠢᠮ ᠤᠨ ᠰᠦᠮ᠎ᠠ ᠳᠤ | ᠭᠦᠷᠳᠡᠭ᠃ ᠲᠤᠭᠤᠷᠢᠮ ᠤᠨ ᠰᠦᠮ᠎ᠠ ᠨᠢ 1731 ᠤᠨ ᠳᠤ ᠪᠠᠶᠢᠭᠤᠯᠤᠭᠳᠠᠵᠤ᠂ ᠰᠦᠮ᠎ᠡ ᠶᠢᠨ ᠲᠦᠪᠡᠳ ᠨᠡᠷ᠎ᠡ ᠨᠢ | ᠷᠠᠰᠢᠴᠦ᠋ᠢᠨᠬᠦᠷᠯᠢᠩ ᠭᠡᠵᠤ᠂ ᠮᠤᠩᠭᠤᠯ ᠢᠶᠠᠷ ᠦᠯᠵᠡᠶᠢᠳᠤ ᠨᠤᠮ ᠤᠨ ᠬᠦᠷᠳᠤ ᠶᠢ ᠡᠷᠬᠢᠬᠦᠯᠤᠭ᠍ᠴᠢ ᠬᠡᠶᠢᠳ ᠭᠡᠳᠡᠭ᠃ | ᠲᠡᠷᠡ ᠨᠢ ᠲᠤᠭᠤᠷᠢᠮ ᠤᠨ ᠨᠠᠭᠤᠷ ᠤᠨ ᠪᠠᠷᠠᠭᠤᠨ ᠬᠦᠪᠡᠭᠡᠨ ᠲᠡᠭᠡᠷ᠎ᠡ ᠪᠠᠶᠢᠷᠢᠰᠢᠭᠰᠠᠨ ᠠᠴᠠ ᠠᠳᠡᠬᠢ ᠶᠢᠨ ᠬᠦᠮᠤᠰ | ᠲᠤᠭᠤᠷᠢᠮ ᠤᠨ ᠰᠦᠮ᠎ᠡ ᠭᠡᠵᠤ ᠲᠠᠠᠭᠤᠳᠠᠬᠤ ᠪᠤᠯᠵᠠᠢ᠃ ᠡᠨᠡᠬᠦ ᠬᠤᠭᠤᠴᠠᠭᠠᠨ ᠳᠤ᠂ ᠠᠳᠡᠬᠢ ᠶᠢᠨ ᠠᠷᠠᠳ ᠲᠦᠮᠡᠨ | ᠲᠤᠰ ᠰᠦᠮ᠎ᠡ ᠶᠢ ᠲᠠᠬᠢᠨ ᠲᠠᠪᠳᠠᠨ ᠰᠡᠯᠪᠢᠨ ᠵᠠᠰᠠᠵᠤ᠂ ᠦᠷᠭᠡᠳᠬᠡᠨ ᠪᠠᠶᠢᠭᠤᠯᠤᠭᠰᠠᠨ ᠠᠴᠠ ᠤᠳᠤ ᠨᠢᠭᠡᠨᠳᠡ | ᠰᠤᠭᠴᠢᠨ ᠲᠤᠭᠠᠩ᠂ ᠳ᠋ᠦᠩᠭᠡᠷ ᠰᠤᠪᠤᠷᠭ᠎ᠠ᠂ ᠭᠠᠨᠵᠤᠤᠷ᠂ ᠳ᠋ᠠᠨᠵᠤᠤᠷ ᠤᠨ ᠰᠦᠮ᠎ᠡ᠂ ᠳ᠋ᠠᠷ᠎ᠠ ᠡᠬᠡ ᠶᠢᠨ ᠰᠦᠮ᠎ᠡ᠂ | ᠯᠠᠮᠠ ᠶᠢᠨ ᠱᠠᠩ᠂ ᠲᠦᠷᠪᠡᠨ ᠮᠠᠬᠠᠷᠠᠨᠽᠠ ᠶᠢᠨ ᠰᠦᠮ᠎ᠡ ᠵᠡᠷᠭᠡ 11 ᠤᠷᠳᠤ ᠬᠠᠷᠰᠢ ᠲᠠᠢ ᠪᠤᠯᠵᠤ᠂ 13300 | ᠲᠡᠭᠰᠢ ᠲᠦᠷᠪᠡᠯᠵᠢᠨ ᠮᠧᠳ᠋ᠷ ᠤᠨ ᠬᠦᠷᠢᠶ᠎ᠡ ᠬᠡᠪᠴᠢᠶ᠎ᠡ ᠲᠠᠢ ᠱᠠᠰᠢᠨ ᠰᠤᠷᠳᠠᠬᠤᠨ ᠤ ᠰᠠᠭᠤᠷᠢᠨ ᠪᠠ ᠵᠢᠭᠤᠯᠴᠢᠯᠠᠯ ᠤᠨ | ᠤᠷᠤᠨ ᠪᠤᠯᠤᠬᠰᠠᠨ ᠪᠠᠶᠢᠨ᠎ᠠ᠃ ᠲᠤᠭᠤᠷᠢᠮ ᠭᠠᠴᠠᠭ᠎ᠠ ᠨᠢ ᠪᠠᠰᠠ 554.2 ᠲᠡᠭᠰᠢ ᠲᠦᠷᠪᠡᠯᠵᠢᠨ ᠮᠧᠳ᠋ᠷ ᠤᠨ | ᠨᠠᠰᠤᠳᠠᠶᠢᠴᠤᠳ ᠤᠨ ᠠᠰᠠᠷᠠᠮᠵᠢ ᠶᠢᠨ ᠭᠦᠷᠢᠶᠠᠯᠡᠩ᠂ 422.62 ᠲᠡᠭᠰᠢ ᠲᠦᠷᠪᠡᠯᠵᠢᠨ ᠮᠧᠳ᠋ᠷ ᠤᠨ ᠪᠠᠶ᠎ᠠ | ᠰᠤᠪᠢᠯᠠᠬᠤ ᠤᠷᠳᠤᠨ᠂ 300 ᠲᠡᠭᠰᠢ ᠲᠦᠷᠪᠡᠯᠵᠢᠨ ᠮᠧᠳ᠋ᠷ ᠤᠨ ᠮᠤᠩᠭᠤᠯ ᠡᠮᠨᠡᠯᠭᠡ ᠶᠢᠨ ᠮᠦᠽᠸᠢ ᠪᠠᠶᠢᠭᠤᠯᠤᠨ᠂ | ᠭᠦᠮᠦᠨ ᠰᠠᠭᠤᠷᠢᠰᠢᠯ ᠤᠨ ᠠᠰᠢᠳᠠ ᠶᠢᠨ ᠤᠷᠤᠨ ᠪᠤᠯᠤᠬᠰᠠᠨ ᠪᠦᠭᠡᠳ ᠤᠯᠤᠰ ᠤᠨ AAA ᠲᠠᠰ ᠤᠨ | ᠵᠢᠭᠤᠯᠴᠢᠯᠠᠯ ᠤᠨ ᠤᠷᠤᠨ ᠪᠤᠯᠤᠬᠰᠠᠨ ᠪᠠᠶᠢᠨ᠎ᠠ᠃ ᠨᠠᠩ ᠲᠤᠷᠠᠳᠤᠭᠤᠰᠢᠳᠡᠢ ᠨᠢ ᠠᠳᠡᠬᠢ ᠶᠢᠨ ᠨᠠᠭᠦᠳᠡᠯ ᠰᠤᠶᠤᠯ ᠤᠨ | ᠪᠠᠶᠠᠴᠢᠯᠠᠨ ᠤᠢᠢᠯᠠᠭᠠᠬᠤ ᠲᠤᠷᠰᠢᠯᠳᠡ ᠶᠢᠨ ᠴᠡᠭ ᠨᠢ ᠮᠤᠩᠭᠤᠯ ᠦᠨᠳᠤᠰᠤᠳᠡᠨ ᠤ ᠤᠯᠠᠮᠵᠢᠯᠠᠯᠳᠤ ᠮᠠᠯ ᠮᠠᠯᠵᠢᠯ᠂ | ᠨᠡᠭᠦᠳᠡᠯ ᠰᠤᠶᠤᠯ᠂ ᠵᠠᠩ ᠤᠢᠢᠯᠠ ᠵᠡᠷᠭᠡ ᠶᠢ ᠨᠠᠩ ᠤᠯᠠᠨ ᠭᠦᠮᠦᠰ ᠲᠤ ᠪᠠᠶᠠᠴᠢᠯᠠᠨ ᠤᠢᠢᠯᠠᠭᠠᠭᠤᠯᠵᠤ᠂ ᠲᠠᠪᠤᠨ | ᠬᠤᠰᠢᠭᠤ ᠮᠠᠯ ᠤᠨ ᠰᠤᠶᠤᠯ ᠢ ᠨᠠᠶᠢᠳᠠ ᠪᠦᠭᠦᠳᠡ ᠳᠤ ᠮᠡᠳᠡᠷᠡᠭᠦᠯᠬᠦ ᠪᠠᠷ ᠲᠠᠮᠵᠢᠭᠤᠯᠤᠨ ᠵᠤᠭᠠᠴᠠᠯ ᠤᠨ ᠤᠢᠢᠯᠠᠰ ᠤᠨ | ᠭᠦᠭᠵᠢᠯᠳᠡ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠵᠦ ᠪᠠᠶᠢᠨ᠎ᠠ᠃ | ᠡᠨᠡ ᠨᠤᠳᠤᠭ ᠤᠨ ᠬᠦᠮᠤᠨ ᠠᠷᠠᠳ ᠤᠨ ᠬᠠᠳᠠᠭᠤᠵᠢᠯᠲᠠᠢ ᠴᠢᠷᠮᠠᠶᠢᠯᠭ᠎ᠠ᠂ ᠤᠶᠢᠭ᠎ᠠ ᠦᠭᠡᠢ ᠬᠦᠳᠡᠯᠮᠤᠷᠢ | ᠤᠶᠤᠨ ᠤᠬᠠᠭᠠᠨ ᠤ ᠰᠢᠮ᠎ᠡ ᠪᠠᠷ ᠰᠤᠯᠢᠵᠤ ᠠᠪᠴᠢᠷᠠᠭᠰᠠᠨ ︽ᠲᠤᠮᠳᠠᠳᠤ ᠤᠯᠤᠰ ᠤᠨ ᠴᠦᠭᠡᠨ ᠲᠤᠭᠠᠳᠤ | ᠦᠨᠳᠤᠰᠤᠳᠡᠨ ᠤ ᠤᠨᠴᠠᠯᠢᠬᠳᠤ ᠲᠤᠰᠬᠤᠨ︾ ᠭᠡᠮᠡᠬᠦ ᠠᠤᠭ᠎ᠠ ᠠᠯᠳᠠᠷ ᠲᠤᠭᠤᠷᠢᠮ ᠨᠤᠳᠤᠭ ᠲᠤ ᠠᠮᠢᠯᠠᠨ | ᠲᠠᠤᠬᠡᠨ ᠳᠤ ᠲᠡᠮᠳᠡᠭᠯᠡᠭᠳᠡᠯᠡ᠃ ᠡᠨᠡ ᠪᠤᠯ ᠨᠤᠳᠤᠭ ᠤᠰᠤᠨ᠂ ᠠᠷᠠᠳ ᠤᠯᠠᠨ ᠤ ᠢᠷᠠᠭᠤ ᠠᠯᠳᠠᠷ ᠪᠦᠭᠡᠳ ᠨᠠᠮ | ᠵᠠᠰᠠᠭ ᠤᠨ ᠢᠳᠡᠭᠡᠯ ᠦᠨᠡᠯᠡᠯᠳᠡ ᠪᠤᠯᠬᠤ ᠶᠤᠮ᠃ ᠮᠦᠨᠴᠦ ᠡᠨᠡᠬᠦ ᠨᠤᠳᠤᠭ ᠲᠤ ᠠᠮᠢᠳᠤᠷᠠᠵᠤ ᠪᠠᠶᠢᠭ᠎ᠠ ᠮᠢᠩᠭ᠎ᠠ | ᠭᠠᠷᠤᠢ ᠮᠤᠩᠭᠤᠯ ᠦᠨᠳᠤᠰᠤᠳᠡᠨ ᠤ ᠠᠷᠠᠳ ᠲᠦᠮᠡᠨ ᠤᠷᠳᠤ ᠬᠤᠭᠤᠴᠠᠭᠠᠨ ᠤ ᠲᠠᠤᠬᠡ ᠶᠢᠨ ᠶᠠᠪᠤᠴᠠ ᠳᠠᠭᠠᠨ | ᠠᠵᠢᠯᠴᠢ ᠬᠤᠶᠠᠷ ᠭᠠᠷ ᠪᠠ ᠤᠶᠤᠨ ᠤᠬᠠᠭᠠᠨ᠂ ᠠᠪᠢᠶᠠᠰ ᠪᠢᠯᠢᠭ ᠲᠡᠭᠡᠨ ᠲᠦᠰᠢᠭᠯᠡᠨ ᠨᠤᠳᠤᠭ ᠤᠰᠤ ᠪᠠᠨ | ᠪᠦᠳᠤᠭᠡᠨ ᠪᠠᠶᠢᠭᠤᠯᠤᠨ ᠵᠢᠷᠤᠭᠯᠠᠵᠤ᠂ ᠭᠤᠶᠤᠯᠠᠨ ᠴᠢᠮᠡᠭᠯᠡᠬᠦ ᠶᠢᠨ ᠬᠠᠮᠳᠤ ᠮᠠᠰᠢ ᠠᠷᠪᠢᠨ ᠪᠠᠭ᠋ᠠᠷᠤᠯ ᠢ ᠲᠠᠳᠠᠭᠰᠠᠨ | ᠪᠠᠶᠠᠨ ᠲᠠᠩᠰᠤᠭ ᠰᠤᠶᠤᠯ ᠪᠤᠯᠪᠠᠰᠤᠨ ᠢ ᠪᠦᠳᠤᠭᠡᠭᠰᠡᠨ ᠤ ᠦᠷ᠎ᠠ ᠪᠦᠳᠦᠭᠡᠯ ᠪᠤᠯᠬᠤ ᠶᠤᠮ᠃ | ᠤᠷᠢᠳᠥᠬᠢ ᠲᠠᠤᠭᠡ ᠪᠠᠨ ᠳ᠋ᠦᠩᠨᠡᠵᠤ᠂ ᠬᠤᠶᠢᠰᠢᠳᠡ ᠶᠢᠨ ᠲᠦᠯᠦᠪᠯᠡᠭᠡ ᠪᠠᠨ ᠨᠠᠷᠢᠯᠢᠬ ᠲᠦᠰᠦᠪᠯᠡᠭᠦ ᠶᠢ | ᠲᠤᠭᠤᠷᠢᠮ ᠭᠠᠴᠠᠭ᠎ᠠ ᠲᠠᠷᠠᠭᠠᠴᠢ ᠶᠢᠨ ᠠᠯᠬᠤᠮ ᠳᠠᠬᠢ ᠠᠵᠢᠯ ᠤᠨ ᠭᠤᠤᠯᠳᠠᠯᠭ᠎ᠠ ᠪᠤᠯᠭᠠᠵᠤ᠂ ᠤᠨᠢᠨ ᠲᠡᠭᠡᠷ᠎ᠡ ᠨᠢ | ᠶᠠᠳᠠᠭᠤ ᠶᠢ ᠲᠡᠳᠭᠦᠭᠦ ᠰᠢᠨ᠎ᠠ ᠭᠡᠯᠪᠡᠷᠢ ᠶᠢ ᠢᠳᠡᠪᠬᠢᠳᠡᠢ ᠪᠠᠷ ᠰᠦᠪᠡᠭᠴᠢᠯᠡᠨ᠂ ᠰᠢᠨ᠎ᠠ ᠶᠢ ᠡᠭᠦᠳᠦᠨ ᠤᠷᠤᠯᠭ᠎ᠠ ᠪᠠᠨ | ᠨᠡᠮᠡᠭᠳᠡᠭᠦᠯᠭᠦ ᠤᠯᠠᠨ ᠠᠷᠭ᠎ᠠ ᠠᠪᠴᠠᠯ ᠢ ᠭᠡᠷᠡᠭᠵᠢᠭᠦᠯᠵᠦ᠂ ᠤᠨᠤᠪᠴᠢᠳᠡᠢ ᠪᠠᠷ ᠶᠠᠳᠠᠭᠤ ᠠᠴᠠ ᠠᠩᠬᠢᠵᠢᠷᠠᠭᠤᠯᠬᠤ | ᠰᠢᠨ᠎ᠠ ᠠᠶᠠᠨ ᠢ ᠡᠬᠢᠯᠡᠬᠦᠯᠤᠨ᠂ ᠤᠯᠠᠮᠵᠢᠯᠠᠯᠳᠤ ᠮᠠᠯ ᠮᠠᠯᠵᠢᠯ ᠤᠨ ᠤᠢᠢᠯᠡᠰ ᠢ ᠰᠤᠶᠤᠯ ᠵᠢᠭᠤᠯᠴᠢᠯᠠᠯ ᠤᠨ ᠤᠢᠢᠯᠡᠰ | ᠵᠦᠭ ᠤᠯᠠᠷᠢᠭᠤᠯᠤᠨ ᠬᠤᠪᠢᠷᠠᠭᠤᠯᠵᠤ᠂ ᠵᠢᠭᠤᠯᠴᠢᠯᠠᠯ ᠤᠨ ᠤᠢᠢᠯᠡᠰ ᠢ ᠶᠠᠭᠡᠪᠡᠷ ᠭᠦᠭᠵᠢᠭᠦᠯᠭᠦ ᠶᠢᠨ ᠤᠯᠠᠮ ᠢᠶᠠᠷ | ᠲᠤᠬᠠᠢ ᠶᠢᠨ ᠭᠠᠵᠠᠷ ᠤᠷᠤᠨ ᠤ ᠪᠠᠨ ᠮᠠᠯ ᠤᠨ ᠠᠰᠢᠭ ᠰᠢᠮ᠎ᠠ ᠶᠢᠨ ᠪᠦᠳᠦᠭᠡᠭᠳᠡᠭᠦᠨ ᠢ ᠪᠤᠭᠤᠳᠠᠯᠯᠠᠨ ᠪᠤᠷᠤᠯᠠᠭᠤᠯᠵᠤ᠂ | ︽ᠲᠤᠭᠤᠷᠢᠮ︾ ᠲᠡᠮᠳᠡᠭᠳᠦ ᠲᠠᠸᠠᠷ ᠤᠨ ᠲᠡᠮᠳᠡᠭ ᠢ ᠲᠡᠩᠰᠡᠯᠠᠭᠤᠯᠵᠤ᠂ ᠮᠢᠬ᠎ᠠ᠂ ᠰᠦ ᠴᠠᠭᠠᠨ ᠢᠳᠡᠭᠡ ᠪᠠᠨ | ᠪᠤᠭᠤᠳᠠᠯᠯᠠᠨ ᠪᠤᠷᠤᠯᠠᠭᠤᠯᠵᠤ᠂ ᠭᠡᠪᠴᠢᠶᠠᠵᠢᠯ ᠢᠶᠠᠨ ᠪᠦᠷᠢᠯᠳᠦᠭᠦᠯᠵᠦ ᠪᠠᠶᠢᠨ᠎ᠠ᠃ ᠮᠦᠨ ᠴᠦ ᠲᠤᠭᠤᠷᠢᠮ | ᠭᠠᠴᠠᠭᠠᠨ ᠤ ᠺᠠᠳ᠋ᠷ ᠠᠵᠢᠯᠳᠠᠳ ᠤᠨ ᠭᠡᠪ ᠪᠤᠯᠪᠠᠰᠤᠷᠠᠯ ᠲᠦᠢᠯ ᠤᠨ ᠦᠨᠳᠤᠷ ᠪᠠᠶᠢᠵᠤ᠂ ᠠᠵᠢᠯ ᠠᠴᠠ ᠪᠠᠨ | ᠠᠮᠠᠷᠠᠬᠰᠠᠨ ᠠᠬᠠᠮᠠᠳ ᠺᠠᠳ᠋ᠷ ᠨᠢ ᠰᠢᠨ᠎ᠠ ᠪᠠᠷ ᠲᠤᠰᠢᠶᠠᠯ ᠳᠤ ᠭᠠᠷᠤᠬᠰᠠᠨ ᠺᠠᠳ᠋ᠷ ᠠᠵᠢᠯᠳᠠᠨ ᠲᠠᠢ ᠬᠠᠮᠵᠢᠯᠴᠠᠨ᠂ ᠡᠬᠢ | ᠪᠠᠶᠠᠯᠢᠭ ᠤᠨ ᠲᠠᠪᠠᠭᠤᠯᠢᠭ ᠢᠶᠠᠨ ᠠᠰᠢᠬᠯᠠᠬᠤ᠂ ᠮᠠᠯᠵᠢᠯ ᠤᠨ ᠠᠷᠭ᠎ᠠ ᠭᠡᠯᠪᠡᠷᠢ ᠪᠠᠨ ᠦᠬᠡᠷᠡᠴᠢᠯᠡᠭᠦ᠂ ᠲᠠᠷᠢᠵᠤ | ᠤᠷᠭᠤᠭᠤᠯᠬᠤ ᠮᠡᠷᠭᠡᠵᠢᠯ ᠢᠶᠠᠨ ᠲᠡᠭᠡᠭᠰᠢᠯᠡᠭᠦᠯᠭᠦ᠂ ᠰᠤᠶᠤᠯ ᠠᠵᠤ ᠤᠢᠢᠯᠠᠰ ᠤᠨ ᠭᠦᠭᠵᠢᠯᠳᠡ᠂ ᠰᠠᠭᠤᠷᠢ | ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠡ ᠵᠢᠴᠢ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ | ᠲᠠᠯ᠎ᠠ ᠪᠠᠷ ᠬᠠᠮᠳᠤ ᠪᠠᠷ ᠠᠷᠭ᠎ᠠ ᠤᠬᠠᠭᠠᠨ ᠰᠦᠪᠡᠭᠴᠢᠯᠡᠨ ᠬᠠᠮᠳᠤ ᠪᠠᠷ ᠴᠢᠷᠮᠠᠶᠢᠵᠤ᠂ ᠠᠮᠢ ᠠᠬᠤᠢ᠂ ᠰᠤᠶᠤᠯ | ᠲᠠᠤᠬᠡ ᠶᠢᠨ ᠵᠤᠭᠠᠴᠠᠯ ᠤᠨ ᠭᠠᠵᠠᠷ ᠪᠠ ᠪᠤᠬᠢᠷᠳᠤᠯ ᠦᠭᠡᠢ ᠮᠠᠯ ᠲᠠᠷᠢᠶᠠᠯᠠᠩ ᠤᠨ ᠤᠶᠢᠯᠡᠳᠪᠤᠷᠢᠯᠡᠯ᠂ ᠡᠯᠡᠰᠤᠨ ᠤ | ᠠᠵᠤ ᠤᠶᠢᠯᠡᠰᠵᠢᠬᠦᠯᠤᠯᠳᠡ ᠶᠢ ᠭᠤᠤᠯᠴᠢᠯᠠᠨ ᠬᠦᠭᠵᠢᠬᠦᠯᠵᠤ᠂ ᠲᠠᠪᠤᠨ ᠬᠤᠰᠢᠭᠤ ᠮᠠᠯ ᠲᠠᠯ᠎ᠠ ᠶᠢ ᠪᠦᠷᠬᠦᠭᠰᠡᠨ | ᠲᠠᠩᠰᠤᠭ ᠰᠠᠶᠢᠬᠠᠨ ᠠᠷᠢᠭᠤᠨ ᠰᠢᠮᠡᠯᠢᠭ ᠪᠠᠶᠢᠭᠠᠯᠢ ᠶᠢᠨ ᠦᠵᠡᠮᠵᠢ ᠶᠢ ᠪᠦᠷᠢᠯᠳᠤᠭᠦᠯᠵᠤ᠂ ᠠᠮᠳᠠᠳᠤ ᠢᠳᠡᠭᠡᠨ ᠤ | ᠵᠤᠴᠢᠯᠠᠭ᠎ᠠ ᠲᠠᠢ᠂ ᠠᠳᠤᠭᠤᠨ ᠴᠡᠭᠡ ᠶᠢᠨ ᠰᠤᠪᠢᠯᠠᠭ᠎ᠠ ᠲᠠᠢ᠂ ᠠᠷᠠᠳ ᠲᠦᠮᠡᠨ ᠠᠮᠤᠷ ᠲᠦᠪᠰᠢᠨ᠂ ᠠᠶᠠᠯᠠᠨ | ᠵᠤᠭᠠᠴᠠᠭᠰᠠᠳ ᠵᠢᠷᠭᠠᠯ ᠴᠡᠩᠭᠡᠯ ᠲᠠᠢ᠂ ᠠᠷᠰᠢ ᠶᠢᠨ ᠤᠷᠤᠨ ᠪᠤᠯᠭᠠᠨ ᠪᠦᠳᠤᠭᠡᠨ ᠪᠠᠶᠢᠭᠤᠯᠬᠤ ᠪᠠᠷ ᠴᠢᠷᠮᠠᠶᠢᠨ | ᠲᠡᠮᠡᠴᠡᠵᠤ ᠪᠠᠶᠢᠨ᠎ᠠ᠃ |