ᠮᠠᠨ ᠤ ᠬᠤᠰᠢᠭᠤ ᠨᠠᠰᠣᠳᠠᠳ ᠤᠨ ᠠᠰᠠᠷᠠᠮᠵᠢ ᠶᠢᠨ ᠥᠢᠯᠡᠴᠢᠯᠡᠭᠡᠨ ᠤ ᠳᠣᠭᠳᠠᠯᠴᠠᠭ᠎ᠠ ᠶᠢᠨ ᠪᠠᠶᠢᠭᠤᠯᠤᠯᠳᠠ ᠶᠢ ᠲᠥᠷᠭᠡᠳᠭᠡᠵᠤ ᠪᠠᠶᠢᠨ᠎ᠠ
ᠨᠡᠶᠢᠲᠡᠯᠡᠭᠰᠡᠨ ᠴᠠᠭ᠄
2018-07-23
     ᠮᠠᠨ ᠤ ᠬᠤᠰᠢᠭᠤ ᠪᠡᠯᠡ ᠤᠷᠤᠭᠤᠯᠤᠯᠳᠠ ᠪᠠᠨ ᠨᠡᠮᠡᠭᠳᠡᠭᠦᠯᠭᠦ᠂ ᠲᠥᠷᠢᠮ ᠢ ᠲᠡᠭᠦᠯᠳᠡᠷᠵᠢᠭᠦᠯᠭᠦ᠂ ᠥᠢᠯᠡᠴᠢᠯᠡᠭᠡ ᠶᠢ ᠰᠢᠯᠢᠳᠡᠭᠵᠢᠭᠦᠯᠭᠦ ᠪᠠᠷ ᠲᠠᠮᠵᠢᠭᠤᠯᠤᠨ ᠨᠠᠰᠤᠳᠠᠨ ᠢ ᠠᠰᠠᠷᠠᠬᠤ ᠥᠢᠯᠡᠴᠢᠯᠡᠭᠡᠨ ᠤ ᠰᠠᠭᠤᠷᠢ ᠲᠥᠭᠦᠭᠡᠷᠤᠮᠵᠢ ᠶᠢᠨ ᠪᠥᠳᠥᠭᠡᠨ ᠪᠠᠶᠢᠭᠤᠯᠤᠯᠳᠠ ᠶᠢ ᠴᠢᠩᠭᠠᠳᠬᠠᠨ ᠭᠡᠷ ᠲᠡᠭᠡᠨ ᠰᠠᠭᠤᠬᠤ ᠪᠠᠷ ᠰᠠᠭᠤᠷᠢ ᠪᠤᠯᠭᠠᠨ ᠬᠠᠷᠢᠯᠴᠠᠨ ᠬᠠᠪᠰᠤᠷᠤᠯᠴᠠᠬᠤ ᠪᠠᠷ ᠲᠥᠰᠢᠭ  ᠪᠤᠯᠭᠠᠵᠤ  ᠂ ᠪᠠᠶᠢᠭᠤᠯᠤᠮᠵᠢ ᠪᠠᠷ ᠲᠤᠯᠭᠠᠭᠤᠷᠢᠯᠠᠯ ᠪᠣᠯᠭᠠᠭᠰᠠᠨ ︽ᠭᠤᠷᠪᠠᠨ ᠱᠠᠳᠤᠨ︾ ᠤ ᠨᠠᠰᠤᠳᠠᠳ ᠤᠨ ᠠᠰᠠᠷᠠᠮᠵᠢ ᠶᠢᠨ ᠥᠢᠯᠡᠴᠢᠯᠡᠭᠡᠨ ᠤ ᠲᠤᠭᠳᠠᠯᠴᠠᠭ᠎ᠠ ᠶᠢ ᠠᠩᠬ᠎ᠠ ᠠᠯᠬᠤᠮ ᠪᠥᠷᠢᠯᠳᠤᠭᠦᠯᠵᠤ᠂ ᠨᠠᠰᠤᠳᠠᠳ ᠤᠨ ᠥᠳᠡᠯᠪᠠᠯ ᠠᠰᠠᠷᠠᠮᠵᠢ ᠶᠢᠨ ᠭᠠᠵᠠᠷ ᠲᠠᠢ ᠪᠠᠶᠢᠵᠣ ᠪᠠᠶᠠᠷ ᠪᠠᠶ᠋ᠰᠤᠯ ᠲᠠᠢ ᠪᠠᠷ ᠦᠳᠡᠯᠥᠬᠡ ᠨᠠᠰᠣ ᠪᠠᠨ ᠦᠩᠬᠡᠷᠡᠬᠦ ᠶᠢ ᠪᠠᠶᠠᠯᠡᠬᠦᠯᠵᠣ᠂ ᠨᠠᠰᠤᠳᠠᠢ ᠭᠥᠮᠤᠰ ᠤᠨ ᠵᠤᠯ ᠵᠢᠷᠭᠠᠯᠳᠤ ᠲᠥᠷᠥᠭᠳᠠᠯ ᠪᠤᠯᠤᠨ  ᠨᠠᠰᠤᠳᠠᠶᠢᠴᠦᠳ ᠤᠨ ᠠᠰᠠᠷᠠᠮᠵᠢ ᠶᠢᠨ ᠭᠢᠷᠢ ᠲᠥᠪᠰᠢᠨ ᠢ ᠠᠯᠬᠤᠮ ᠠᠯᠬᠤᠮ ᠢᠶᠠᠷ ᠲᠡᠭᠡᠭᠰᠢᠯᠡᠭᠦᠯᠥᠭᠰᠠᠨ ᠪᠠᠶᠢᠨ᠎ᠠ᠃      ᠰᠢᠨ ᠺᠠᠩ ᠡᠮᠴᠢᠯᠡᠭᠡ ᠰᠣᠪᠢᠯᠠᠯᠭ᠎ᠠ ᠶᠢᠨ ᠭᠥᠷᠢᠶᠠᠯᠠᠩ ᠪᠤᠯ ᠨᠢᠭᠡᠨ ᠡᠮ ᠡᠮᠨᠡᠯᠡᠭᠡ᠂ ᠰᠠᠷᠭᠡᠶᠢᠯᠠᠯᠳᠠ᠂ ᠡᠷᠡᠭᠦᠯᠵᠢᠯ᠂  ᠠᠰᠠᠷᠠᠵᠤ ᠰᠣᠪᠢᠯᠠᠬᠤ ᠶᠢ ᠨᠢᠭᠡ ᠴᠤᠭᠴᠠᠵᠢᠭᠤᠯᠤᠭᠰᠠᠨ ᠡᠮᠴᠢᠯᠠᠨ ᠠᠰᠠᠷᠠᠬᠤ   ᠶᠢ ᠤᠶᠠᠯᠳᠤᠭᠤᠯᠤᠭᠰᠠᠨ ᠪᠠᠶᠢᠭᠤᠯᠤᠮᠵᠢ ᠪᠠᠶᠢᠵᠤ᠂ ᠮᠥᠨᠴᠤ ᠪᠥᠭᠦ ᠬᠤᠰᠢᠭᠤᠨ ᠤ ᠠᠩᠬᠠᠳᠠᠭᠴᠢ  ᠡᠮᠨᠡᠯᠭᠡ ᠶᠢᠨ ᠬᠤᠷᠢᠶ᠎ᠠ ᠪᠤᠯᠤᠨ ᠨᠠᠰᠤᠳᠠᠨ ᠢ ᠠᠰᠠᠷᠠᠬᠤ ᠭᠥᠷᠢᠶᠠᠯᠠᠩ ᠢ ᠤᠶᠠᠯᠳᠤᠭᠤᠯᠭᠰᠠᠨ ᠡᠮᠴᠢᠯᠠᠨ ᠰᠣᠪᠢᠯᠠᠬᠤ  ᠶᠠᠷᠤᠩᠭᠡᠢ ᠴᠤᠭᠴᠠ ᠪᠤᠯᠤᠨ᠎ᠠ᠃ ᠠᠳᠠ ᠭᠢᠳᠠᠳ ᠡᠸᠥᠷᠥᠫᠠ ᠡᠮᠴᠢᠯᠡᠭᠡ ᠪᠠᠷ ᠤᠯᠠᠨ ᠵᠥᠢᠯ ᠤᠨ ᠡᠪᠡᠳᠴᠢᠨ ᠢ ᠡᠮᠨᠠᠳᠡᠭ ᠠᠴᠠ ᠭᠠᠳᠠᠨ᠎ᠠ ᠪᠠᠰᠠ  ︽ᠭᠤᠷᠪᠠ ᠥᠭᠡᠢ︾ ᠡᠷᠤᠭᠡ᠂ ᠲᠤᠤᠷ᠎ᠠ‌‍ᠪᠠᠳᠤᠯᠠᠭᠠᠳᠣ ᠡᠷᠦᠬᠡ ᠶᠢᠨ ᠨᠠᠰᠣᠳᠠᠳ᠂ ᠮᠠᠳᠠᠷᠠᠯ ᠤᠨ ᠡᠪᠡᠳᠴᠢᠨ ᠲᠠᠢ ᠭᠥᠮᠤᠨ᠂ ᠭᠥᠳᠡᠯᠭᠦ ᠴᠢᠳᠠᠮᠵᠢ ᠪᠠᠨ ᠪᠥᠷᠢᠮᠤᠰᠤᠨ‌ᠠᠯᠳᠠᠭᠰᠠᠨ ᠪᠤᠶᠤ ᠬᠠᠭᠠᠰ ᠠᠯᠳᠠᠭᠰᠠᠨ ᠡᠪᠳᠴᠢᠳᠠᠨ ᠪᠤᠯᠤᠨ 60 ᠨᠠᠰᠤᠨ ᠠᠴᠠ ᠲᠡᠭᠡᠭᠰᠢᠭᠢ ᠨᠠᠰᠤᠳᠠᠶᠢᠴᠤᠳ ᠲᠤ ᠡᠮ ᠡᠮᠨᠡᠯᠭᠡ ᠠᠰᠠᠷᠠᠵᠣ ᠰᠣᠪᠢᠯᠠᠬᠤ᠂ ᠭᠡᠷ ᠲᠡᠭᠡᠨ ᠰᠠᠭᠤᠵᠤ ᠪᠠᠶ᠎ᠠ ᠰᠤᠪᠢᠯᠠᠬᠤ ᠥᠢᠯᠡᠴᠢᠯᠡᠭᠡ ᠶᠢ ᠬᠠᠩᠭᠠᠵᠤ᠂ ᠤᠳᠤ ᠲᠥᠴᠢ ᠭᠠᠷᠤᠢ ᠨᠠᠰᠤᠳᠠᠨ ᠡᠮᠨᠡᠯᠭᠡ  ᠳᠤ ᠰᠠᠭᠤᠵᠤ ᠪᠠᠶᠢᠨ᠎ᠠ᠃ ᠥᠩᠭᠡᠷᠡᠭᠰᠠᠨ ᠳᠤ  ᠨᠠᠯᠶᠠᠳ ᠤᠯᠠᠨ ᠨᠠᠰᠤᠳᠠᠠ ᠤ ᠠᠰᠠᠷᠠᠮᠵᠢ ᠶᠢᠨ ᠭᠥᠷᠢᠶᠠᠯᠠᠩ ᠨᠢ  ᠵᠥᠪᠭᠡᠨ ᠨᠠᠰᠤᠳᠠᠨ ᠢ ᠠᠰᠠᠷᠠᠬᠤ ᠥᠢᠯᠡᠴᠢᠯᠡᠭᠡ ᠶᠢ ᠬᠠᠩᠭᠠᠨ᠂ ᠡᠮᠴᠢᠯᠡᠭᠡ ᠭᠢᠳᠡᠭ ᠥᠭᠡᠢ   ᠠᠴᠠ ᠡᠮᠴᠢᠯᠡᠭᠡ ᠬᠢᠬᠦ ᠪᠠ ᠠᠰᠠᠷᠠᠮᠵᠢ ᠭᠥᠷᠳᠡᠭᠡᠭᠦ ᠶᠢ ᠲᠤᠰᠠᠭᠠᠷᠯᠠᠭᠰᠠᠨ ᠨᠢ ᠡᠪᠡᠳᠴᠢᠨ ᠢ ᠴᠠᠭ ᠲᠠᠷᠤᠢ ᠳᠤ ᠨᠢ ᠡᠮᠴᠢᠯᠠᠵᠤ ᠲᠠᠶᠢᠯᠭᠦ ᠥᠭᠡᠢ ᠪᠥᠭᠡᠳ ᠲᠠᠳᠠᠨ ᠤ ᠭᠡᠷ ᠤᠨ ᠭᠥᠮᠤᠰ ᠲᠤ ᠲᠤᠶᠢᠯ ᠤᠨ ᠶᠡᠭᠡ ᠲᠠᠷᠤᠭᠠᠰᠤ ᠠᠪᠴᠢᠷᠠᠳᠠᠭ ᠪᠠᠶᠢᠨ᠎ᠠ᠃ ᠰᠢᠨ ᠺᠠᠩ ᠡᠮᠴᠢᠯᠠᠨ ᠠᠰᠠᠷᠠᠬᠤ ᠭᠥᠷᠢᠶᠠᠯᠠᠩ ᠨᠢ ᠬᠠᠷᠢᠨ ᠡᠮᠴᠢᠯᠡᠭᠡ ᠬᠢᠬᠦ ᠪᠠ ᠠᠰᠠᠷᠠᠮᠵᠢ ᠬᠦᠷᠳᠡᠬᠡᠬᠦ ᠶᠢ ᠨᠢᠭᠡ ᠯᠡ ᠭᠠᠵᠠᠷ ᠲᠤ ᠪᠡᠶᠡᠯᠡᠬᠦᠯᠵᠦ᠂ ᠡᠳᠡᠭᠡᠷ ᠭᠥᠴᠢᠷ ᠠᠰᠠᠭᠤᠳᠠᠯ ᠢ ᠪᠥᠭᠦᠨ ᠢ ᠰᠶᠢᠳᠪᠤᠷᠢᠯᠠᠵᠤ ᠴᠢᠳᠠᠭᠰᠠᠨ ᠪᠠᠶᠢᠨ᠎ᠠ᠃       ᠪᠥᠭᠦ ᠬᠤᠰᠢᠭᠤᠨ ᠳᠤ ᠤᠳᠤ ᠨᠠᠶᠢᠳᠠ 13.5 ᠲᠥᠮᠡᠨ ᠭᠥᠮᠤᠨ ᠠᠮᠠ ᠲᠠᠢ ᠪᠠᠶᠢᠵᠤ᠂ 60 ᠨᠠᠰᠤᠨ ᠠᠴᠠ ᠲᠡᠭᠡᠭᠰᠢᠭᠢ ᠨᠠᠰᠤᠳᠠᠶᠢᠴᠤᠳ 13000 ᠭᠠᠷᠤᠢ ᠳᠤ ᠭᠥᠷᠴᠤ᠂ ᠶᠠᠷᠤᠩᠭᠡᠢ ᠭᠥᠮᠤᠨ ᠠᠮᠠ ᠶᠢᠨ ᠵᠠᠭᠤᠨ ᠤ 10.1  ᠶᠢ ᠡᠵᠠᠯᠠᠨ ᠪᠥᠭᠦ ᠬᠤᠰᠢᠭᠤᠨ ᠤ ᠨᠠᠰᠤᠵᠢᠯ ᠤᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠠ ᠠᠰᠠᠭᠤᠳᠠᠯ ᠲᠠᠰᠤᠷᠠᠯᠳᠠ ᠥᠭᠡᠢ ᠨᠡᠮᠡᠭᠳᠠᠵᠤ ᠪᠠᠶᠢᠨ᠎ᠠ᠃ ᠤᠷᠴᠢᠮ ᠤᠨ ᠵᠢᠯ ᠠᠴᠠ ᠨᠠᠰᠢ ᠮᠠᠨ ᠤ ᠬᠤᠰᠢᠭᠤ ᠨᠢ ᠨᠠᠰᠤᠳᠠᠨ ᠤ ᠠᠰᠠᠷᠠᠮᠵᠢ ᠶᠢᠨ ᠥᠢᠯᠡᠴᠢᠯᠡᠭᠡᠨ ᠤ ᠰᠠᠭᠤᠷᠢ ᠲᠥᠭᠦᠭᠡᠷᠤᠮᠵᠢ ᠶᠢᠨ ᠪᠥᠳᠥᠭᠡᠨ ᠪᠠᠶᠢᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠨ ᠬᠤᠰᠢᠭᠤ ᠱᠠᠳᠤᠨ ᠤ ᠨᠠᠰᠤᠳᠠᠶᠢᠴᠤᠳ ᠤᠨ ᠠᠰᠠᠷᠠᠮᠵᠢ ᠪᠠ ᠡᠮᠴᠢᠯᠡᠭᠡ   ᠶᠢ  ᠤᠶᠠᠯᠳᠤᠭᠤᠯᠤᠭᠰᠠᠨ ᠡᠮᠴᠢᠯᠠᠨ ᠠᠰᠠᠷᠠᠬᠤ ᠭᠥᠷᠢᠶᠠᠯᠠᠩ ᠢᠶᠠᠷ ᠰᠠᠭᠤᠷᠢ ᠪᠤᠯᠭᠠᠨ᠂ ᠰᠤᠮᠤ ᠪᠠᠯᠭᠠᠰᠤᠨ ᠤ ᠨᠠᠰᠤᠳᠠᠨ ᠤ ᠭᠥᠷᠢᠶᠠᠯᠠᠩ ᠢᠶᠠᠷ ᠲᠥᠰᠢᠭ ᠪᠤᠯᠭᠠᠨ᠂ ᠭᠠᠴᠠᠭ᠎ᠠ ᠲᠤᠰᠬᠤᠨ ᠤ ᠬᠠᠷᠢᠯᠴᠠᠨ ᠬᠠᠪᠰᠤᠷᠤᠯᠴᠠᠬᠤ ᠵᠤᠯ ᠵᠢᠷᠭᠠᠯᠳᠤ ᠭᠥᠷᠢᠶᠠᠯᠩ ᠢᠶᠠᠷ  ᠲᠤᠯᠭᠠᠭᠤᠷᠢᠯᠠᠯ ᠪᠤᠯᠭᠠᠭᠰᠠᠨ ᠭᠤᠷᠪᠠᠨ ᠱᠠᠳᠤᠨ ᠤ ᠨᠠᠰᠤᠳᠠᠨ ᠢ ᠠᠰᠠᠷᠠᠬᠤ ᠲᠤᠭᠳᠠᠯᠴᠠᠭ᠎ᠠ ᠶᠢ ᠠᠩᠬ᠎ᠠ  ᠠᠯᠬᠤᠮ  ᠪᠠᠶᠢᠭᠤᠯᠤᠨ ᠲᠠᠭᠦᠯᠳᠡᠷᠵᠢᠭᠦᠯᠥᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号