ᠪᠥᠭᠦ ᠬᠤᠰᠢᠭᠤᠨ ᠤ ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ︽ᠡᠭᠦᠷ ᠵᠥᠪᠯᠠᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠠᠭᠢᠭᠤᠯᠤᠯᠳᠠ ᠶᠢᠨ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2018-07-23
     7 ᠰᠠᠷ᠎ᠠ ᠶᠢᠨ18 ᠤ ᠡᠳᠦᠷ᠂ ᠪᠥᠭᠦ ᠬᠤᠰᠢᠭᠤᠨ ᠤ ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ︽ᠡᠭᠦᠷ ᠵᠥᠪᠯᠠᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠠᠭᠢᠭᠤᠯᠤᠯᠳᠠ ᠶᠢᠨ ᠬᠤᠷᠠᠯ ᠬᠤᠰᠢᠭᠤ ᠵᠠᠰᠠᠭ ᠵᠠᠭᠢᠷᠭᠠᠨ ᠤ ᠥᠢᠯᠡᠴᠢᠯᠡᠭᠡᠨ ᠤ ᠲᠥᠪ ᠲᠤ ᠬᠤᠷᠠᠯᠳᠤᠭᠰᠠᠨ ᠪᠠᠶᠢᠨ᠎ᠠ᠃       ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠵᠤ᠂ ᠬᠤᠰᠢᠭᠤ ᠲᠡᠳ᠋ ᠲᠠᠷᠤᠭ᠎ᠠ ᠪᠠᠶᠠᠠᠴᠡᠩᠭᠡᠯ ᠬᠤᠷᠠᠯ ᠡᠷᠭᠢᠯᠡᠪᠡ᠃ ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ︽ᠡᠭᠦᠷ ᠵᠥᠪᠯᠠᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠪᠥᠭᠦ ᠪᠥᠷᠢᠯᠳᠤᠭᠦᠨ᠂ ᠠᠯᠪᠠᠨ ᠭᠡᠷ ᠤᠨ ᠡᠷᠭᠢᠯᠡᠭᠴᠢ᠂ ᠲᠡᠳ᠋ ᠡᠷᠭᠢᠯᠡᠭᠴᠢ ᠬᠤᠷᠠᠯ ᠳᠤ ᠤᠷᠤᠯᠴᠠᠪᠠ᠃       ᠬᠤᠷᠠᠯ ᠲᠡᠭᠡᠷ᠎ᠡ᠂ ᠡᠯ᠎ᠠ‌‍ᠰᠤᠮᠤ ᠪᠠᠯᠭᠠᠰᠤ ᠭᠠᠴᠠᠭ᠎ᠠ ᠲᠤᠰᠬᠤᠨ ᠨᠡᠶᠢᠭᠡᠮ ᠲᠤᠭᠤᠷᠢᠭ ᠤᠨ ︽ᠡᠭᠦᠷ ᠵᠥᠪᠯᠠᠯ︾ ᠤᠨ ᠬᠤᠭᠤᠴᠠᠭ᠎ᠠ ᠰᠤᠯᠢᠬᠤ ᠠᠵᠢᠯ ᠤᠨ ᠠᠭᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠥᠯᠳᠠ ᠶᠢ ᠰᠤᠨᠤᠰᠴᠤ᠂ ᠤᠷᠤᠰᠢᠵᠤ ᠪᠠᠶᠢᠭ᠎ᠠ ᠠᠰᠠᠭᠤᠳᠠᠯ ᠳᠤ ᠮᠠᠭᠠᠳᠯᠠᠯᠳᠠ ᠵᠠᠳᠠᠯᠤᠯᠳᠠ ᠭᠢᠵᠤ ᠲᠠᠷᠠᠭᠠᠴᠢ ᠶᠢᠨ ᠠᠯᠬᠤᠮ ᠤᠨ ᠠᠵᠢᠯ ᠤᠨ ᠡᠭᠦᠷᠭᠡ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠭᠰᠡᠨ ᠪᠠᠶᠢᠨ᠎ᠠ᠃      ᠸᠠᠩ ᠯᠢ ᠫᠢᠩ ᠬᠤᠷᠠᠯ ᠲᠡᠭᠡᠷ᠎ᠡ ᠶᠠᠷᠢᠶ᠎ᠠ ᠲᠠᠯᠪᠢᠵᠤ ᠵᠢᠭᠠᠬᠤ ᠳᠤ ᠪᠠᠨ᠂ ᠲᠤᠰ ᠤᠳᠠᠭᠠᠨ ᠤ ᠬᠤᠷᠠᠯ ᠪᠤᠯ ᠪᠥᠭᠦ ᠬᠤᠰᠢᠭᠤᠨ ᠤ ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ᠨᠠᠮ ᠤᠨ ᠵᠤᠭᠢᠶᠠᠨ ᠪᠠᠶᠢᠭᠤᠯᠤᠯᠳᠠ ᠶᠢᠨ ᠬᠤᠭᠤᠴᠠᠭ᠎ᠠ ᠰᠤᠯᠢᠬᠤ ᠰᠤᠩᠭᠤᠭᠤᠯᠢ ᠠᠮᠵᠢᠯᠳᠠ ᠲᠠᠢ ᠶᠠᠪᠣᠭᠳᠠᠵᠣ᠂ ᠭᠠᠴᠠᠭ᠎ᠠ ᠲᠤᠰᠬᠤᠨ ᠨᠠᠶᠢᠭᠡᠮ ᠲᠤᠭᠤᠷᠢᠭ ᠲᠤᠰᠬᠤᠨ ᠤ ᠠᠷᠠᠳ ᠤᠨ ᠵᠥᠪᠯᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠱᠠᠳᠤᠨ ᠳᠤ ᠰᠢᠯᠵᠢᠨ  ᠤᠷᠤᠬᠤ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ  ᠪᠠᠶᠢᠵᠤ᠂ ᠭᠤᠤᠯᠳᠠᠭᠤ ᠪᠥᠭᠦ ᠬᠤᠳᠠ  ᠶᠢᠨ  ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ︽ ᠡᠭᠦᠷ ᠵᠥᠪᠯᠠᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ︵ᠥᠷᠭᠡᠳᠭᠡᠭᠰᠠᠨ︶ ᠬᠤᠷᠠᠯ ᠤᠨ ᠵᠤᠷᠢᠭ ᠰᠨᠠᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠠᠵᠢᠯ ᠤᠨ ᠠᠭᠢᠴᠠ ᠶᠢᠨ ᠪᠠᠶᠢᠳᠠᠯ ᠢ ᠣᠶᠢᠯᠠᠭᠠᠨ ᠤᠷᠤᠰᠢᠵᠤ ᠪᠠᠶᠢᠭ᠎ᠠ ᠠᠰᠠᠭᠤᠳᠠᠯ ᠢ ᠡᠷᠢᠨ ᠭᠠᠷᠭᠠᠵᠤ᠂ ᠠᠵᠢᠯ ᠤᠨ ᠠᠷᠭ᠎ᠠ ᠭᠡᠮᠵᠢᠶ᠎ᠠ ᠶᠢ ᠰᠠᠶᠢᠵᠢᠷᠠᠭᠤᠯᠤᠨ ᠲᠠᠷᠠᠭᠠᠴᠢ ᠶᠢᠨ ᠠᠯᠬᠤᠮ ᠤᠨ ᠠᠵᠢᠯ ᠳᠤ ᠲᠤᠭᠢᠷᠠᠭᠤᠯᠤᠯᠳᠠ ᠭᠢᠭᠦ ᠶᠠᠪᠤᠳᠠᠯ ᠪᠤᠯᠤᠨ᠎ᠠ ᠭᠡᠵᠡᠢ᠃       ᠸᠠᠩ ᠯᠢ ᠫᠢᠩ ᠴᠢᠬᠤᠯᠠᠴᠢᠯᠠᠬᠤ ᠳᠤ ᠪᠠᠨ᠂ ᠬᠠᠷᠠᠯᠳᠠ ᠡᠭᠦᠷᠭᠡ ᠪᠠᠨ ᠲᠤᠳᠤᠳᠬᠠᠨ ᠬᠤᠶᠡᠷ ᠵᠥᠪᠯᠠᠯ ᠤᠨ ᠤᠳᠤᠷᠢᠳᠬᠤ ᠪᠠᠭ ᠤᠨ ᠪᠥᠳᠥᠴᠠ ᠶᠢ ᠰᠢᠯᠢᠳᠡᠭᠵᠢᠭᠦᠯᠭᠦ᠂ ᠡᠶ᠎ᠡ ᠵᠤᠭᠢᠴᠠᠯ ᠲᠤᠭᠳᠠᠭᠤᠨ ᠰᠠᠶᠢᠨ ᠰᠠᠶᠢᠬᠠᠨ ᠪᠠᠶᠢᠳᠠᠯ  ᠢ ᠬᠠᠮᠠᠭᠠᠯᠠᠬᠤ ᠵᠡᠷᠭᠡ ᠶᠢᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠱᠠᠭᠠᠷᠳᠠᠯᠭ᠎ᠠ ᠶᠢ  ᠴᠢᠩᠭ᠎ᠠ ᠨᠠᠶᠢᠳᠠᠪᠤᠷᠢᠵᠢᠭᠤᠯᠵᠤ ᠴᠠᠭ ᠶᠠᠰᠤ ᠴᠢᠨᠠᠷ᠂ ᠵᠢᠱᠢᠭᠳᠡᠭᠴᠢ ᠶᠢᠨ ᠪᠠᠷᠢᠮᠵᠢᠶ᠎ᠠ᠂ ᠠᠯᠬᠤᠮ ᠲᠠᠷᠠᠭ᠎ᠠ ᠶᠠᠪᠤᠴᠠ᠂ ᠰᠠᠭᠢᠯᠭ᠎ᠠ ᠪᠠᠳᠤ᠂ ᠰᠠᠭᠦᠯᠴᠢ ᠶᠢᠨ ᠠᠵᠢᠯ ᠵᠡᠷᠭᠡ ᠶᠢᠨ ᠭᠤᠣᠯᠳᠠᠯᠭᠠᠳᠣ  ᠭᠤᠭᠴᠤᠭ᠎ᠠ ᠶᠢ ᠴᠢᠩᠭ᠎ᠠ ᠡᠵᠡᠮᠳᠠᠵᠤ  ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠡᠮᠭᠢ ᠴᠡᠭᠴᠠ ᠲᠠᠢ ᠥᠷᠨᠢᠭᠦ ᠶᠢ ᠠᠭᠢᠭᠤᠯᠬᠤ ᠭᠡᠷᠡᠭᠳᠠᠢ᠃ ᠵᠤᠭᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ ᠬᠠᠷᠢᠭᠤᠴᠠᠯᠭ᠎ᠠ ᠶᠢᠨ  ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠤ᠂ ᠨᠢᠭᠡᠳᠤᠯᠳᠠᠢ ᠲᠥᠯᠥᠪᠵᠢᠭᠦᠯᠤᠨ ᠨᠢᠭᠳᠠ ᠬᠤᠯᠪᠤᠭᠠᠯᠠᠵᠤ᠂ ᠵᠢᠭᠠᠨ ᠵᠢᠯᠤᠭᠤᠳᠤᠯᠭ᠎ᠠ ᠭᠢᠨᠠᠨ ᠪᠠᠶᠢᠴᠠᠭᠠᠯᠳᠠ ᠶᠢ ᠰᠠᠶᠢᠨ ᠭᠢᠵᠤ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠠᠮᠵᠢᠯᠳᠠ ᠲᠠᠢ ᠶᠠᠪᠤᠭᠳᠠᠬᠤ ᠶᠢ ᠪᠠᠳᠤᠯᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号