7 ᠰᠠᠷ᠎ᠠ ᠶᠢᠨ 16 ᠤ ᠡᠳᠥᠷ᠂ ︽ᠲᠠᠯ᠎ᠠ ᠨᠤᠳᠤᠭ ᠢᠶᠠᠨ ᠪᠤᠯᠪᠠᠰᠤᠨᠵᠢᠭᠤᠯᠵᠤ᠂ ᠥᠥᠰᠢᠨ ᠢᠶᠠᠨ ᠬᠠᠶᠢᠷᠠᠯᠠᠶ᠎ᠠ | ︾ ᠤᠷᠳᠤᠰ ᠤᠨ ᠬᠡᠪ ᠳᠠᠭᠤᠷᠢᠶᠠᠯᠳᠤ ᠰᠠᠶᠢᠨ ᠬᠥᠮᠥᠨ᠂ ᠰᠢᠨ᠎ᠡ ᠴᠠᠭ ᠥᠶ᠎ᠡ ᠶᠢᠨ ᠰᠠᠶᠢᠨ ᠪᠠᠭᠠᠴᠤᠳ ᠢᠶᠠᠷ | ᠰᠤᠩᠭᠤᠭᠳᠠᠭᠰᠠᠳ ᠢ ᠨᠡᠶᠢᠳᠡᠯᠡᠬᠦ ᠶᠤᠰᠤᠯᠠᠯ ᠵᠢᠴᠢ ᠪᠥᠬᠦ ᠬᠤᠳᠠ ᠶᠢᠨ ᠪᠤᠯᠪᠠᠰᠤᠨ ᠥᠢᠯᠡᠴᠢᠯᠡᠭᠡᠨ ᠤ ᠳᠠᠭᠤᠷᠢᠶᠠᠯ | ᠥᠵᠡᠭᠦᠯᠭᠦ ᠨᠢᠭᠡᠴᠢ ᠪᠤᠯᠤᠨ 2018 ᠤᠨ ᠤ ᠪᠤᠯᠪᠠᠰᠤᠨ ᠤ ᠪᠠᠶᠢᠭᠤᠯᠤᠯᠳᠠ ᠶᠢᠨ ᠲᠡᠷᠢᠭᠦᠨ ᠤ ᠵᠢᠱᠢᠶᠠᠴᠢ ᠶᠢ | ᠱᠠᠩᠨᠠᠨ ᠬᠥᠬᠢᠭᠦᠯᠬᠦ ᠶᠤᠰᠤᠯᠠᠯ ᠢ ᠬᠤᠰᠢᠭᠤ ᠰᠤᠶᠤᠯ ᠤᠨ ᠠᠵᠢᠯᠯᠠᠭᠠᠨ ᠤ ᠲᠥᠪ ᠲᠤ ᠶᠠᠪᠤᠭᠳᠠᠭᠰᠠᠨ ᠪᠠᠶᠢᠨ᠎ᠠ᠃ | ᠲᠤᠰ ᠤᠳᠠᠭᠠᠨ ᠤ ᠠᠵᠢᠯᠯᠠᠭᠠᠨ ᠢ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠭᠡᠯᠳᠡᠰ᠂ ᠬᠤᠳᠠ | ᠶᠢᠨ ᠤᠶᠤᠨ ᠤ ᠪᠤᠯᠪᠠᠰᠤᠨ ᠤ ᠠᠯᠪᠠᠨ ᠭᠡᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠥᠥᠰᠢᠨ ᠬᠤᠰᠢᠭᠤᠨ | ᠤ ᠬᠤᠷᠢᠶ᠎ᠠ᠂ ᠬᠤᠰᠢᠭᠤ ᠠᠷᠠᠳ ᠤᠨ ᠵᠠᠰᠠᠭ ᠤᠨ ᠤᠷᠳᠤᠨ ᠭᠤᠤᠯᠯᠠᠨ ᠡᠷᠬᠢᠯᠡᠵᠤ ᠬᠤᠰᠢᠭᠤ ᠨᠠᠮ ᠤᠨ ᠬᠤᠷᠢᠶᠠᠨ | ᠤ ᠤᠬᠠᠭᠤᠯᠬᠤ ᠭᠡᠯᠳᠡᠰ᠂ ᠤᠶᠤᠨ ᠤ ᠪᠤᠯᠪᠠᠰᠤᠨ ᠤ ᠠᠯᠪᠠᠨ ᠭᠡᠷ ᠠᠴᠠ ᠳᠠᠭᠠᠭᠠᠴᠢᠯᠠᠨ ᠡᠷᠬᠢᠯᠡᠵᠣ ᠬᠢᠭᠰᠡᠨ ᠪᠠᠶᠢᠨ᠎ᠠ | ᠃ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠤᠨ ᠬᠠᠮᠢᠶ᠎ᠠ ᠪᠥᠭᠦᠢ ᠬᠠᠷᠢᠭᠤᠴᠠᠯᠭᠠᠳᠠᠨ ᠵᠢᠴᠢ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠣ ᠸᠧᠢ᠂ ᠬᠤᠰᠢᠭᠤ ᠨᠠᠮ ᠤᠨ | ᠬᠤᠷᠢᠶ᠎ᠠ᠂ ᠤᠬᠠᠭᠤᠯᠬᠤ ᠭᠡᠯᠳᠡᠰ ᠤᠨ ᠳᠠᠷᠤᠭ᠎ᠠ ᠹᠧᠩᡁᠢ ᠮᠢᠩ᠂ ᠬᠤᠰᠢᠭᠤ ᠤᠳᠤᠷᠢᠳᠤᠯᠭ᠎ᠠ ᠵᠧᠦ ᠱᠤᠸᠠᠢ᠂ | ᠪᠠᠶᠠᠨᠴᠢᠮᠡᠭ ᠶᠤᠰᠤᠯᠠᠯ ᠳᠤ ᠤᠷᠤᠯᠴᠠᠭᠰᠠᠨ ᠪᠠᠶᠢᠨ᠎ᠠ᠃ | | | ᠶᠤᠰᠤᠯᠠᠯ ᠲᠡᠭᠡᠷ᠎ᠠ 2018 ᠤᠨ ᠤ ᠨᠢᠬᠡᠳᠣᠬᠡᠷ ᠬᠤᠶᠠᠳᠤᠭᠠᠷ ᠤᠯᠠᠷᠢᠯ ᠤᠨ ︽ᠤᠷᠳᠤᠰ ᠤᠨ ᠬᠡᠪ | ᠳᠠᠭᠤᠷᠢᠶᠠᠯᠳᠤ ᠰᠠᠶᠢᠨ ᠬᠥᠮᠥᠨ ︾ ᠢᠶᠠᠷ ᠰᠤᠩᠭᠤᠭᠳᠠᠭᠰᠠᠳ 21 ᠨᠠᠷᠠ᠂ 2018 ᠤᠨ ᠤ ᠨᠢᠭᠡᠳᠣᠬᠡᠷ | ᠬᠤᠶᠠᠳᠤᠭᠠᠷ ᠤᠯᠠᠷᠢᠯ ᠤᠨ ︽ᠰᠢᠨ᠎ᠡ ᠴᠠᠭ ᠥᠶ᠎ᠡ ᠶᠢᠨ ᠰᠠᠶᠢᠨ ᠪᠠᠭᠠᠴᠤᠳ ︾ ᠢᠶᠠᠷ ᠰᠤᠩᠭᠤᠭᠳᠠᠭᠰᠠᠳ 11 | ᠨᠠᠷᠠ᠂ 2017 ᠤᠨ ᠤ ᠪᠥᠬᠦ ᠬᠤᠳᠠ ᠶᠢᠨ ᠪᠤᠯᠪᠠᠰᠤᠨ ᠥᠢᠢᠯᠡᠴᠢᠯᠡᠭᠡᠨ ᠤ ᠳᠠᠭᠤᠷᠢᠶᠠᠯ ᠥᠵᠡᠭᠦᠯᠭᠦ ᠨᠢᠭᠡᠴᠢ | 20 ᠨᠠᠷᠠ᠂ ᠥᠥᠰᠢᠨ ᠬᠤᠰᠢᠭᠤᠨ ᠤ ᠳᠥᠷᠪᠡᠳᠦᠭᠡᠷ ᠬᠤᠭᠤᠴᠠᠭᠠᠨ ᠤ ᠶᠤᠰᠤ ᠰᠤᠷᠳᠠᠬᠤᠨ ᠤ ᠵᠢᠱᠢᠶᠠᠴᠢ 10 | ᠨᠠᠷᠠ᠂ 2018 ᠤᠨ ᠤ ᠥᠥᠰᠢᠨ ᠬᠤᠰᠢᠭᠤᠨ ᠤ ᠬᠠᠵᠠᠭᠤᠳᠠᠬᠢ ᠰᠠᠶᠢᠨ ᠬᠥᠮᠤᠨ 12 ᠨᠠᠷᠠ᠂ ᠥᠥᠰᠢᠨ | ᠬᠤᠰᠢᠭᠤᠨ ᠤ ᠬᠤᠶᠠᠳᠤᠭᠠᠷ ᠬᠤᠭᠤᠴᠠᠭᠠᠨ ᠤ ᠪᠤᠯᠪᠠᠰᠤᠨ ᠭᠡᠷ ᠪᠥᠯᠢ 27 ᠨᠠᠷᠠ᠂ 2018 ᠤᠨ ᠤ ᠥᠥᠰᠢᠨ | ᠬᠤᠰᠢᠭᠤᠨ ᠤ ᠠᠷᠪᠠᠨ ᠤᠳᠤᠨ ᠲᠡᠰ ᠤᠨ ᠪᠤᠯᠪᠠᠰᠤᠨ ᠡᠷᠤᠭᠡ 7 ᠨᠠᠷᠠ᠂ ᠬᠤᠰᠢᠭᠤ ᠲᠡᠰ ᠤᠨ ︽ᠰᠢᠨ᠎ᠡ ᠴᠠᠭ | ᠥᠶ᠎ᠡ ᠶᠢᠨ ᠰᠠᠶᠢᠨ ᠪᠠᠭᠠᠴᠤᠳ︾ 5 ᠨᠠᠷᠠ᠂ ᠬᠤᠰᠢᠭᠤ ᠲᠡᠰ ᠤᠨ ᠪᠤᠯᠪᠠᠰᠤᠨ ᠮᠤᠷᠠᠯ ᠲᠠᠢ ᠪᠠᠭᠠᠴᠤᠤᠯ 14 | ᠨᠠᠷᠠ ᠶᠢ ᠲᠤᠰ ᠲᠤᠰ ᠱᠠᠩᠨᠠᠨ ᠭᠥᠭᠢᠭᠦᠯᠥᠭᠰᠠᠨ ᠪᠠᠶᠢᠨ᠎ᠠ᠃ ᠱᠠᠩᠨᠠᠯ ᠤᠯᠭᠤᠬᠤ ᠶᠤᠰᠤᠯᠠᠯ ᠨᠢ ᠤᠶᠢᠯᠠ ᠭᠡᠷᠡᠭ | ᠤᠨ ᠤᠬᠤᠷ ᠹᠢᠯᠢᠮ ᠥᠵᠠᠭᠦᠯᠭᠦ ᠂ ᠲᠤᠬᠠᠢ ᠶᠢᠨ ᠲᠠᠯᠠᠪᠠᠢ ᠳᠤ ᠰᠤᠷᠪᠤᠯᠵᠢᠯᠠᠨ ᠶᠠᠷᠢᠯᠴᠠᠬᠤ᠂ ᠤᠷᠠᠨ ᠰᠠᠶᠢᠬᠠᠨ ᠤ | ᠲᠤᠭᠯᠠᠯᠲᠠ ᠭᠠᠷᠭᠠᠬᠤ ᠵᠡᠷᠭᠡ ᠭᠡᠯᠪᠠᠷᠢ ᠪᠠᠷ ᠲᠠᠮᠵᠢᠭᠤᠯᠤᠨ ᠡᠯ᠎ᠡ ᠱᠠᠳᠤ᠂ ᠡᠯ᠎ᠡ ᠲᠥᠷᠥᠯ ᠤᠨ ᠲᠡᠷᠢᠭᠦᠨ ᠤ | ᠵᠢᠱᠢᠶᠡᠴᠢᠳ ᠤᠨ ᠰᠠᠳᠭᠢᠯ ᠳᠣᠭᠳᠣᠯᠯᠠᠭᠤᠯᠣᠭᠰᠠᠨ ᠥᠢᠯᠡ ᠶᠠᠪᠤᠳᠠᠯ ᠪᠠ ᠡᠷᠬᠢᠮ ᠳᠡᠭᠡᠳᠤ ᠵᠠᠩ ᠰᠤᠷᠳᠠᠯ ᠢ | ᠠᠮᠢᠳᠤᠯᠢᠭ ᠢᠶᠠᠷ ᠢᠯᠡᠷᠡᠭᠦᠯᠥᠭᠰᠠᠨ ᠪᠠᠶᠢᠨ᠎ᠠ᠃ ᠲᠠᠳᠠᠨᠠᠷ ᠤᠨ ᠬᠠᠮᠤᠭ ᠤᠨ ᠶᠡᠷᠤᠮᠳᠡᠭ ᠥᠭᠡ᠂ ᠲᠠᠷᠢᠭᠦᠨ ᠤ ᠥᠢᠯᠡ | ᠶᠠᠪᠤᠳᠠᠯ ᠨᠢ ᠠᠬᠤᠢ ᠲᠠᠯᠠᠪᠠᠢ ᠶᠢᠨ ᠥᠵᠡᠭᠴᠢᠳ ᠤᠨ ᠰᠡᠳᠬᠢᠯ ᠢ ᠲᠤᠭᠳᠣᠯᠯᠠᠭᠤᠯᠵᠤ ᠂ ᠥᠷᠭᠡᠨ ᠤᠯᠠᠨ | ᠲᠥᠮᠡᠨ ᠤ ᠬᠠᠯᠠᠭᠤᠨ ᠠᠯᠠᠭ᠎ᠠ ᠲᠠᠰᠢᠯᠳᠠ ᠂ ᠪᠠᠭ᠋ᠠᠷᠤᠯ ᠭᠥᠨᠳᠤᠳᠭᠡᠯ ᠢ ᠬᠦᠷᠳᠡᠭᠰᠡᠨ ᠪᠠᠶᠢᠨ᠎ᠠ᠃ | ᠠᠵᠢᠯᠯᠠᠭᠠᠨ ᠤ ᠡᠴᠤᠰ ᠲᠤ ᠨᠡᠷᠡᠳᠤ ᠳᠠᠭᠤᠴᠢᠨ ᠮᠥᠩᠭᠦᠨᠬᠤᠸᠠᠷ ᠠᠴᠠ ᠮᠠᠨ ᠤ ᠬᠤᠰᠢᠭᠤᠨ ᠤ ᠤᠶᠤᠨ ᠤ | ᠪᠤᠯᠪᠠᠰᠤᠨ ᠤ ᠪᠠᠶᠢᠭᠤᠯᠤᠯᠳᠠ ᠶᠢᠨ ᠭᠤᠤᠯ ᠰᠡᠳᠤᠪᠳᠤ ᠠᠶ᠎ᠠ ᠲᠠᠭᠤᠤ ᠪᠠᠨ ᠡᠷᠭᠦᠵᠤ ᠲᠡᠷᠢᠭᠦᠨ ᠤ ᠵᠢᠱᠢᠶᠡᠴᠢ᠂ | ᠠᠬᠤᠢ ᠲᠠᠯᠠᠪᠠᠢ ᠶᠢᠨ ᠥᠵᠡᠭᠴᠢᠳ ᠪᠠᠨᠡᠶᠢᠭᠡᠮ ᠤᠨ ᠡᠯ᠎ᠡ ᠡᠳᠡᠭᠡᠳ ᠤᠨ ᠬᠢᠨ ᠬᠠᠮᠳᠤᠪᠠᠷ ᠪᠤᠯᠪᠠᠰᠤᠨ ᠢ | ᠤᠯᠠᠮᠵᠢᠯᠠᠨ ᠨᠡᠶᠢᠭᠡᠮ ᠵᠢᠷᠥᠮ ᠤᠨ ᠭᠤᠤᠯᠯᠠᠭᠴᠢ ᠦᠷᠳᠡᠭ ᠤᠨ ᠥᠵᠡᠯᠳᠡ ᠶᠢᠨ ᠥᠢᠯᠡᠳᠤᠯᠭᠡᠵᠢᠭᠦᠯᠥᠭᠴᠢ ᠪᠤᠯᠬᠤ | ᠶᠢ ᠰᠠᠨᠠᠭᠠᠴᠢᠯᠠᠭᠰᠠᠨ ᠪᠠᠶᠢᠨ᠎ᠠ᠃ |