2018 ᠤᠨ ᠤ ︽ᠡᠷᠡᠭᠦᠯ ᠮᠡᠨᠳᠤ ᠶᠢ ᠬᠦᠷᠭᠡᠬᠦ  ᠲᠤᠰᠬᠠᠢ ᠮᠡᠷᠭᠡᠵᠢᠯᠳᠡᠨ ᠤ ᠵᠢᠷᠤᠮ ᠤᠨ ᠡᠮᠴᠢᠯᠡᠭᠡ︾  ᠤᠨ ᠳᠠᠶᠢᠴᠢᠯᠠᠯᠳᠠ ᠶᠢᠨ ᠶᠤᠰᠦᠯᠠᠯ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2018-07-23
      ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠤᠯᠭᠠᠳᠠᠭ ᠤᠯᠠᠮᠵᠢᠯᠠᠯᠳᠤ ᠵᠠᠩ ᠰᠤᠷᠳᠠᠯ ᠪᠠ ᠠᠵᠤ ᠠᠬᠤᠶᠢᠯᠠᠯᠳᠠᠳ ᠤᠨ ᠵᠤᠷᠢᠭ ᠰᠠᠨᠠᠭ᠎ᠠ ᠶᠢ ᠳᠡᠯᠭᠡᠷᠡᠭᠦᠯᠵᠤ᠂ ︽ᠨᠤᠳᠤᠭ ᠤᠰᠤᠨ ᠳᠤ ᠪᠠᠨ ᠦᠢᠯᠡᠴᠢᠯᠡᠵᠤ᠂ ᠨᠡᠶᠢᠭᠡᠮ ᠨᠡᠶᠢᠳᠡ ᠶᠢᠨ ᠠᠴᠢ ᠶᠢ ᠬᠠᠷᠢᠭᠤᠯᠬᠤ︾ ᠠᠵᠢᠯ ᠤᠨ ᠵᠤᠷᠢᠯᠭ᠎ᠠ ᠪᠠᠨ ᠦᠢᠯᠡᠳᠥᠯᠭᠡᠵᠢᠭᠦᠯᠵᠤ᠂ ᠨᠤᠳᠤᠭ ᠤᠰᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠤᠨ ᠤᠯᠠᠨ ᠲᠥᠮᠡᠨ ᠤ ᠡᠪᠡᠳᠴᠢᠨ ᠢᠶᠠᠨ ᠥᠵᠡᠭᠦᠯᠭᠦ ᠳᠤ ᠳᠥᠭᠦᠮ ᠦᠵᠡᠭᠦᠯᠬᠦ ᠶᠢᠨ ᠲᠥᠯᠥᠭᠡ 7 ᠰᠠᠷ᠎ᠠ ᠶᠢᠨ14 ᠤ ᠡᠳᠦᠷ᠂ ᠦᠪᠦᠷ ᠮᠤᠩᠭᠤᠯ ᠤᠨ ᠥᠥᠰᠢᠨ ᠬᠤᠰᠢᠭᠤᠨ ᠤ ᠬᠤᠳᠠᠯᠳᠤᠭᠠᠴᠢᠳ ᠤᠨ ᠡᠪᠯᠡᠯ᠂ ᠥᠥᠰᠢᠨ ᠬᠤᠰᠢᠭᠤᠨ ᠤ ᠠᠵᠤ ᠠᠬᠤᠶᠢᠯᠠᠯᠳᠠᠳ ᠤᠨ ᠬᠤᠯᠪᠤᠭᠠᠲᠤ ᠬᠤᠷᠠᠯ ᠤᠨ ᠬᠠᠮᠲᠤᠷᠠᠨ ᠡᠷᠬᠢᠯᠡᠭᠰᠡᠨ 2018 ᠤᠨ ᠤ ︽ᠡᠷᠡᠭᠦᠯ ᠮᠡᠨᠳᠤ ᠢ ᠬᠦᠷᠭᠡᠭᠦ ᠲᠤᠰᠬᠠᠢ ᠮᠡᠷᠭᠡᠵᠢᠯᠳᠡᠨ ᠤ ᠵᠢᠷᠤᠮ ᠤᠨ ᠡᠮᠴᠢᠯᠡᠭᠡ︾ ᠶᠢᠨ  ᠳᠠᠶᠢᠴᠢᠯᠠᠯᠳᠠ ᠶᠢᠨ ᠶᠤᠰᠦᠯᠠᠯ ᠮᠠᠨ ᠤ ᠬᠤᠰᠢᠭᠤᠨ ᠳᠤ ᠶᠠᠪᠤᠭᠳᠠᠭᠰᠠᠨ ᠪᠠᠶᠢᠨ᠎ᠠ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠤᠯᠠᠭᠠᠨ᠂ ᠬᠤᠰᠢᠭᠤ ᠳᠡᠳ᠋ ᠳᠠᠷᠤᠭ᠎ᠠ ᠪᠠᠶᠠᠨᠴᠢᠮᠡᠭ ᠵᠢᠴᠢ ᠬᠤᠰᠢᠭᠤ ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠦᠪᠦᠷ ᠮᠤᠩᠭᠤᠯ ᠤᠨ ᠥᠥᠰᠢᠨ ᠬᠤᠰᠢᠭᠤᠨ ᠤ ᠬᠤᠳᠠᠯᠳᠤᠭᠠᠴᠢᠳ ᠤᠨ ᠡᠪᠯᠡᠯ᠂ ᠥᠥᠰᠢᠨ ᠬᠤᠰᠢᠭᠤᠨ ᠤ ᠠᠵᠤ ᠠᠬᠤᠶᠢᠯᠠᠯᠳᠠᠳ ᠤᠨ ᠬᠤᠯᠪᠤᠭᠠᠲᠤ ᠬᠤᠷᠠᠯ᠂ ᠦᠦᠰᠢᠨ ᠬᠤᠰᠢᠭᠤᠨ ᠤ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠲᠤ ᠬᠥᠩᠭᠡᠵᠢᠯ ᠤᠨ ᠲᠤᠪᠴᠢᠶ᠎ᠠ ᠪᠠ ᠠᠷᠠᠳ ᠤᠨ ᠡᠮᠨᠡᠯᠭᠡ ᠶᠢᠨ ᠬᠤᠷᠢᠶᠠᠨ ᠤ ᠠᠵᠢᠯᠳᠠᠳ ᠶᠣᠰᠣᠯᠠᠯ ᠳᠤ ᠤᠷᠤᠯᠴᠠᠭᠰᠠᠨ ᠪᠠᠶᠢᠨ᠎ᠠ᠃      ᠶᠤᠰᠤᠯᠠᠯ ᠳᠡᠭᠡᠷ᠎ᠡ᠂ ᠪᠠᠶᠠᠨᠴᠢᠮᠡᠭ ᠶᠠᠷᠢᠶ᠎ᠠ ᠲᠠᠯᠪᠢᠵᠤ ᠵᠢᠭᠠᠬᠤ ᠳᠤ ᠪᠠᠨ ᠤᠷᠴᠢᠮ ᠤᠨ ᠵᠢᠯ ᠳᠤ ᠮᠠᠨ ᠤ ᠬᠤᠰᠢᠭᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠥᠢᠯᠡᠰ ᠤᠨ ᠬᠦᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠭᠦᠷᠢᠳᠡ ᠠᠷᠠᠳ ᠲᠦᠮᠡᠨ ᠤ ᠡᠷᠡᠭᠦᠯ ᠮᠡᠨᠳᠤ ᠶᠢ ᠬᠥᠭᠵᠢᠯᠳᠡ ᠶᠢᠨ ᠲᠡᠷᠢᠭᠦᠨ ᠪᠠᠶᠢᠷᠢᠨ ᠳᠤ ᠲᠠᠯᠪᠢᠵᠤ᠂ ᠪᠥᠬᠦ ᠲᠠᠯ᠎ᠠ ᠪᠠᠷ ᠡᠷᠡᠭᠦᠯ ᠥᠥᠰᠢᠨ ᠬᠤᠰᠢᠭᠤᠨ ᠤ ᠪᠥᠳᠥᠭᠡᠨ ᠪᠠᠶᠢᠭᠤᠯᠤᠯᠲᠠ ᠶᠢ ᠲᠦᠷᠭᠡᠳᠬᠡᠵᠦ᠂ ᠡᠳ᠋ ᠤᠨ ᠵᠠᠰᠠᠭ ᠤᠨ  ᠪᠡᠯᠡ ᠣᠷᠣᠭᠤᠯᠤᠯᠲᠠ ᠶᠢ ᠳᠠᠰᠤᠷᠠᠯᠳᠠ ᠦᠭᠡᠢ ᠨᠡᠮᠡᠭᠳᠡᠭᠦᠯᠵᠤ᠂ ᠠᠯᠪᠠᠨ ᠤ ᠡᠮᠨᠡᠯᠭᠡ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠥᠨ ᠠᠬᠢᠭᠤᠯᠤᠭᠰᠠᠨ ᠪᠠᠶᠢᠨ᠎ᠠ᠃ ᠥᠥᠰᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠮᠤᠩᠭᠤᠯ ᠡᠮᠨᠡᠯᠭᠡ ᠶᠢᠨ ᠶᠡᠷᠤᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠵᠡᠷᠭᠡ ᠨᠢᠭᠡ ᠪᠥᠯᠥᠭ ᠪᠠᠷᠢᠮᠵᠢᠶᠠᠵᠢᠭᠰᠠᠨ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠲᠥᠬᠦᠭᠡᠷᠤᠮᠵᠢ ᠬᠡᠷᠡᠭᠯᠡᠯᠳᠡ ᠳᠤ ᠣᠷᠣᠵᠤ᠂ ᠠᠷᠠᠳ ᠲᠥᠮᠡᠨ ᠤ ᠡᠪᠡᠳᠴᠢᠨ ᠢᠶᠠᠨ ᠥᠵᠡᠭᠦᠯᠭᠦ ᠤᠷᠴᠢᠨ ᠲᠤᠭᠤᠷᠢᠨ ᠲᠠᠰᠤᠷᠠᠯᠲᠠ ᠦᠭᠡᠢ ᠰᠠᠶᠢᠵᠢᠷᠠᠨ᠂ ᠡᠮᠨᠡᠯᠭᠡ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠥᠪᠰᠢᠨ ᠴᠢᠨᠠᠷ ᠴᠢᠨᠰᠠᠭ᠎ᠠ ᠲᠤᠭᠲᠠᠪᠤᠷᠢᠲᠠᠢ ᠳᠡᠭᠡᠭᠰᠢᠯᠡᠵᠤ᠂ ᠪᠦᠬᠦ ᠬᠤᠰᠢᠭᠤᠨ ᠤ ᠠᠷᠠᠳ ᠣᠯᠠᠨ ᠤ ᠡᠷᠡᠭᠦᠯ ᠮᠡᠨᠳᠤ ᠪᠥᠬᠦ ᠲᠠᠯ᠎ᠠ ᠶᠢᠨ ᠪᠠᠳᠤᠯᠠᠭ᠎ᠠ ᠲᠠᠢ ᠪᠣᠯᠵᠠᠢ᠃ ᠤᠷᠴᠢᠮ ᠤᠨ ᠵᠢᠯ  ᠳᠤ᠂ ᠦᠪᠦᠷ ᠮᠤᠩᠭᠤᠯ ᠤᠨ ᠥᠥᠰᠢᠨ ᠬᠤᠰᠢᠭᠤᠨ ᠤ ᠬᠤᠳᠠᠯᠳᠤᠭᠠᠴᠢᠳ ᠤᠨ ᠡᠪᠯᠡᠯ᠂ ᠥᠥᠰᠢᠨ ᠬᠤᠰᠢᠭᠤᠨ ᠤ ᠠᠵᠤ ᠠᠬᠤᠶᠢᠯᠠᠯᠳᠠᠳ ᠤᠨ ᠬᠤᠯᠪᠤᠭᠠᠲᠤ ᠬᠤᠷᠠᠯ ᠬᠠᠮᠳᠤᠷᠠᠨ ᠦᠪᠦᠷ ᠮᠤᠩᠭᠤᠯ ᠤᠨ ᠡᠯ᠎ᠡ ᠶᠡᠭᠡ ᠡᠮᠨᠡᠯᠭᠡ ᠶᠢᠨ ᠬᠤᠷᠢᠶᠠᠨ ᠤ 40 ᠭᠠᠷᠤᠢ ᠲᠤᠰᠬᠠᠢ ᠮᠡᠷᠭᠡᠵᠢᠯᠳᠡᠳ ᠤᠷᠢᠨ ᠠᠪᠴᠢᠷᠠᠵᠤ ᠮᠠᠨ ᠤ ᠬᠤᠰᠢᠭᠤᠨ ᠳᠤ ᠡᠮᠴᠢᠯᠡᠭᠡ ᠬᠢᠯᠭᠡᠭᠰᠡᠨ ᠪᠠᠶᠢᠨ᠎ᠠ᠃ ᠲᠣᠭᠲᠠᠭᠰᠠᠨ ᠬᠤᠭᠤᠴᠠᠭᠠᠨ ᠤ ᠵᠢᠷᠤᠮ   ᠤᠨ ᠡᠮᠴᠢᠯᠡᠭᠡ᠂ ᠮᠡᠰᠡ ᠵᠠᠰᠠᠯ ᠤᠨ ᠵᠢᠭᠠᠨ ᠵᠢᠯᠤᠭᠤᠳᠤᠯᠭ᠎ᠠ᠂ ᠮᠡᠷᠬᠢᠵᠢᠯ ᠤᠨ ᠬᠠᠮᠳᠤᠷᠠᠭᠰᠠᠨ ᠠᠵᠢᠯᠯᠠᠭ᠎ᠠ ᠵᠡᠷᠭᠡ ᠤᠯᠠᠨ ᠵᠥᠢᠯ ᠤᠨ ᠠᠷᠭ᠎ᠠ ᠪᠠᠷ 4000 ᠭᠠᠷᠤᠢ ᠬᠥᠮᠥᠨ ᠤᠳᠠᠭ᠎ᠠ ᠳᠤ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠪᠥᠬᠦ ᠬᠤᠰᠢᠭᠤᠨ ᠤ  ᠡᠮ ᠡᠮᠨᠡᠯᠭᠡ ᠡᠷᠡᠭᠦᠯ ᠬᠠᠮᠭᠠᠯᠠᠯ ᠤᠨ ᠠᠵᠢᠯ ᠥᠢᠯᠡᠰ ᠤᠨ ᠴᠢᠨᠠᠷᠯᠢᠭ ᠬᠥᠭᠵᠢᠯᠳᠡ ᠶᠢ ᠠᠭᠢᠭᠤᠯᠬᠤ ᠪᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ  ᠪᠡᠶ᠎ᠡ ᠰᠡᠳᠬᠢᠯ ᠤᠨ ᠡᠷᠡᠭᠦᠯ ᠮᠡᠨᠳᠤ ᠳᠤ  ᠮᠠᠰᠢ ᠶᠡᠭᠡ ᠬᠤᠪᠢ ᠨᠡᠮᠡᠷᠢ  ᠥᠵᠡᠭᠦᠯᠵᠤ᠂  ᠨᠡᠶᠢᠭᠡᠮ   ᠤᠨ ᠡᠯ᠎ᠠ ᠡᠳᠡᠭᠡᠳ ᠤᠨ ᠰᠠᠶᠢᠨ ᠥᠨᠡᠯᠠᠯᠳᠠ ᠶᠢ ᠤᠯᠤᠭᠰᠠᠨ ᠪᠠᠶᠢᠨ᠎ᠠ᠃      ᠳᠠᠶᠢᠴᠢᠯᠠᠯᠳᠠ ᠶᠢᠨ ᠬᠤᠷᠠᠯ   ᠤᠨ ᠳᠠᠷᠠᠭ᠎ᠠ᠂ ᠾᠧ ᠤᠯᠠᠭᠠᠨ᠂ ᠪᠠᠶᠠᠨᠴᠢᠮᠡᠭ ᠪᠤᠯᠤᠨ ᠠᠵᠤ ᠠᠬᠤᠶᠢᠯᠠᠯᠳᠠᠳ ᠬᠤᠰᠢᠭᠤ ᠠᠷᠠᠳ ᠤᠨ ᠡᠮᠡᠨᠡᠯᠭᠡ ᠶᠢᠨ ᠬᠤᠷᠢᠶᠠᠨ ᠤ ᠡᠯ᠎ᠡ ᠲᠠᠰᠤᠭ ᠲᠤ ᠤᠴᠢᠵᠤ ᠡᠮᠨᠡᠯᠭᠡ ᠶᠢᠨ ᠠᠵᠢᠯᠲᠠᠳ ᠤᠨ ᠲᠤᠬᠢᠷᠠᠭᠤᠯᠤᠯᠲᠠ᠂ ᠲᠤᠨᠤᠭ ᠲᠥᠬᠦᠭᠡᠷᠥᠮᠵᠢ ᠶᠢᠨ ᠲᠠᠯ᠎ᠠ ᠪᠠᠷ ᠣᠶᠢᠯᠡᠭᠠᠭᠰᠠᠨ ᠪᠠᠶᠢᠨ᠎ᠠ᠃      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号