ᠤᠶᠢᠷ᠎ᠠ ᠳᠤ ᠬᠤᠲᠠ ᠶᠢᠨ ᠱᠠᠭᠠᠷᠳᠠᠨ ᠪᠠᠶᠢᠴᠠᠭᠠᠬᠤ ᠠᠵᠢᠯ ᠤᠨ ᠲᠠᠪᠤᠳᠤᠭᠠᠷ ᠳᠤᠭᠤᠶᠢᠯᠠᠩ ᠤᠨ ᠬᠢᠨ ᠮᠠᠨ | ᠤ ᠬᠤᠰᠢᠭᠤᠨ ᠳᠤ ᠢᠷᠡᠵᠤ 2018 ᠤᠨ ᠤ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠪᠠᠶᠢᠴᠠᠭᠠᠯᠲᠠ ᠶᠢᠨ | ᠦᠪᠡᠷ ᠢ ᠪᠠᠨ ᠪᠠᠶᠢᠴᠠᠭᠠᠬᠤ ᠠᠵᠢᠯ ᠢ ᠤᠭᠳᠤᠬᠤ ᠠᠵᠢᠯ ᠤᠨ ᠦᠷᠨᠢᠬᠦᠯᠦᠭᠳᠡᠵᠤ ᠪᠠᠶᠢᠭ᠎ᠠ ᠪᠠᠶᠢᠳᠠᠯ ᠳᠤ ᠬᠢᠨᠠᠨ | ᠵᠢᠯᠤᠭᠤᠳᠤᠯᠭ᠎ᠠ ᠬᠢᠬᠦ ᠶᠢᠨ ᠬᠠᠮᠲᠦ ᠬᠠᠷᠢᠭᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ | ᠬᠤᠲᠠ ᠶᠢᠨ ᠱᠠᠭᠠᠷᠳᠠᠨ ᠵᠢᠯᠤᠭᠤᠳᠬᠤ ᠠᠵᠢᠯ ᠤᠨ ᠲᠠᠪᠤᠳᠤᠭᠠᠷ ᠳᠤᠭᠤᠶᠢᠯᠠᠩ ᠤᠨ ᠳᠠᠷᠤᠭ᠎ᠠ᠂ ᠬᠤᠲᠠ | ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠡᠷᠬᠢᠯᠡᠭᠴᠢ ᠮᠠ ᠵᠧᠨ ᠫᠢᠩ ᠨᠠᠷ᠂ ᠬᠤᠰᠢᠭᠤ ᠨᠠᠮ | ᠤᠨ ᠬᠤᠷᠢᠶᠠᠨ ᠤ ᠳᠡᠳ᠋ ᠱᠦᠵᠢ᠂ ᠬᠤᠰᠢᠭᠤ ᠤᠷᠤᠯᠠᠭᠴᠢ ᠳᠠᠷᠤᠭ᠎ᠠ ᠵᠤᠤ ᠹᠸᠢ ᠯᠤ᠋᠂ ᠬᠤᠰᠢᠭᠤ ᠳᠡᠳ᠋ ᠳᠠᠷᠤᠭ᠎ᠠ | ᠪᠠᠶᠠᠨᠴᠢᠮᠡᠭ᠂ ᠯᠢ ᠬᠤᠩ ᠯᠢᠶᠠᠩ ᠵᠢᠴᠢ ᠡᠯ᠎ᠡ ᠰᠤᠮᠤ ᠪᠠᠯᠭᠠᠰᠤ ᠪᠤᠯᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | ᠬᠤᠷᠠᠯ ᠳᠡᠭᠡᠷ᠎ᠡ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠢᠨ ᠲᠤᠰ ᠤᠳᠠᠭᠠᠨ ᠤ ᠱᠠᠭᠠᠷᠳᠠᠨ | ᠪᠠᠶᠢᠴᠠᠭᠠᠬᠤ ᠠᠵᠢᠯ ᠤᠨ ᠠᠭᠤᠯᠭ᠎ᠠ ᠪᠤᠯᠤᠨ ᠠᠷᠭ᠎ᠠ ᠬᠡᠯᠪᠡᠷᠢ ᠳᠤ ᠲᠤᠰᠬᠠᠢ ᠲᠤᠲᠤᠷᠬᠠᠶᠢᠯᠠᠯᠲᠠ ᠬᠢᠵᠤ᠂ ᠪᠠᠶᠠᠨᠴᠢᠮᠡᠭ | ᠠᠴᠠ ᠮᠠᠨ ᠤ ᠬᠤᠰᠢᠭᠤᠨ ᠤ ᠡᠯ᠎ᠡ ᠲᠠᠯ᠎ᠠ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠪᠠ᠃ | ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠲᠤᠰ ᠤᠳᠠᠭᠠᠨ ᠤ ᠲᠦᠷᠦ ᠶᠢᠨ ᠶᠠᠪᠤᠳᠠᠯ ᠤᠨ ᠬᠤᠷᠢᠶᠠᠨ ᠤ | ᠶᠡᠭᠡ ᠱᠠᠭᠠᠷᠳᠠᠨ ᠪᠠᠶᠢᠴᠠᠭᠠᠯᠲᠠ ᠨᠢ ᠪᠠᠷᠢᠮᠵᠢᠶ᠎ᠠ ᠦᠨᠳᠦᠷ᠂ ᠠᠭᠤᠯᠭ᠎ᠠ ᠪᠠᠷ ᠠᠷᠪᠢᠨ ᠪᠠᠶᠢᠵᠤ ᠪᠦᠬᠦ ᠬᠤᠰᠢᠭᠤ ᠪᠠᠷ | ᠪᠠᠨ ᠡᠷᠬᠡᠪᠰᠢ ᠴᠢᠬᠤᠯᠠᠴᠢᠯᠠᠨ ᠦᠵᠡᠵᠤ᠂ ᠱᠠᠭᠠᠷᠳᠠᠨ ᠪᠠᠶᠢᠴᠠᠭᠠᠬᠤ ᠭᠤᠤᠯᠳᠠᠯᠭ᠎ᠠ ᠶᠢ ᠬᠢᠨᠠᠮᠠᠭᠠᠢ ᠬᠠᠷᠭᠤᠭᠤᠯᠤᠨ | ᠦᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠨᠢᠭᠦᠯᠵᠤ᠂ ᠠᠰᠠᠭᠤᠳᠠᠯ ᠢᠯᠡᠷᠡᠪᠡᠯ | ᠰᠢᠯᠲᠠᠭᠠᠨ ᠢ ᠨᠢ ᠨᠠᠷᠢᠨ ᠵᠠᠳᠠᠯᠵᠤ᠂ ᠢᠯᠡᠷᠡᠭᠦᠯᠦᠭᠰᠡᠨ ᠠᠰᠠᠭᠤᠳᠠᠯ ᠪᠤᠯᠤᠨ ᠴᠡᠭᠴᠡᠯᠡᠨ ᠵᠠᠰᠠᠭᠰᠠᠨ ᠪᠠᠶᠢᠳᠠᠯ ᠤᠨ | ᠲᠤᠬᠠᠢ ᠲᠠᠩᠰᠠ ᠡᠪᠬᠡᠮᠡᠯ ᠪᠠᠶᠢᠭᠤᠯᠵᠤ᠂ ᠪᠠᠶᠢᠴᠠᠭᠠᠬᠤ ᠶᠢᠨ ᠳᠠᠭᠠᠤ ᠳᠤ ᠴᠡᠭᠴᠡᠯᠡᠨ ᠵᠠᠰᠠᠬᠤ ᠬᠡᠷᠡᠭᠲᠡᠢ︔ | ᠭᠤᠤᠯᠳᠠᠯᠭ᠎ᠠ ᠲᠠᠢ᠂ ᠬᠦᠴᠢᠷᠳᠡᠯ ᠲᠠᠢ ᠠᠰᠠᠭᠤᠳᠠᠯ ᠤᠨ ᠲᠠᠯ᠎ᠠ ᠪᠠᠷ ᠪᠤᠳᠠᠳᠠᠢ ᠪᠠᠶᠢᠳᠠᠯ ᠢ ᠨᠢ ᠦᠨᠳᠦᠰᠦᠯᠡᠨ | ᠴᠡᠭᠴᠡᠯᠡᠨ ᠰᠠᠶᠢᠵᠢᠷᠠᠭᠤᠯᠬᠤ ᠠᠷᠭ᠎ᠠ ᠪᠠᠷᠢᠯ ᠢ ᠲᠤᠭᠲᠠᠭᠠᠬᠤ ᠬᠡᠷᠡᠭᠲᠡᠢ᠃ ᠱᠠᠭᠠᠷᠳᠠᠨ ᠪᠠᠶᠢᠴᠠᠭᠠᠬᠤ ᠳᠤᠭᠤᠶᠢᠯᠠᠩ | ᠤᠨ ᠠᠵᠢᠯ ᠢ ᠢᠳᠡᠪᠬᠢᠲᠠᠢ ᠬᠠᠮᠵᠢᠯᠴᠠᠵᠤ᠂ ᠨᠠᠷᠢᠨ ᠪᠠᠶᠢᠳᠠᠯ ᠢ ᠴᠠᠭ ᠳᠠᠷᠤᠢ ᠳᠤᠨᠢ ᠲᠠᠨᠢᠯᠴᠠᠭᠤᠯᠵᠤ ᠲᠤᠳᠠᠭᠲᠠᠯ | ᠲᠠᠢ ᠲᠠᠯ᠎ᠠ ᠪᠤᠯᠤᠨ ᠵᠦᠷᠢᠶ᠎ᠡ ᠲᠠᠢ ᠲᠠᠯ᠎ᠠ ᠶᠢ ᠡᠷᠢᠨ ᠭᠠᠷᠭᠠᠵᠤ ᠶᠡᠭᠡ ᠱᠠᠭᠠᠷᠳᠠᠨ ᠪᠠᠶᠢᠴᠠᠭᠠᠯᠲᠠ ᠶᠢ ᠤᠭᠲᠤᠬᠤ | ᠠᠵᠢᠯ ᠢ ᠬᠢᠨᠠᠮᠠᠭᠠᠢ ᠬᠢᠬᠦ ᠬᠡᠷᠡᠭᠲᠡᠢ᠃ ᠡᠭᠦᠨ ᠤ ᠬᠠᠮᠲᠦ ᠵᠢᠯ ᠤᠨ ᠡᠭᠦᠷᠬᠡ ᠬᠠᠷᠠᠯᠲᠠ ᠪᠤᠯᠤᠨ ᠤᠷᠤᠰᠢᠵᠤ ᠪᠠᠶᠢᠭ᠎ᠠ | ᠠᠰᠠᠭᠤᠳᠠᠯ ᠢ ᠬᠠᠷᠭᠤᠭᠤᠯᠤᠨ ᠦᠵᠡᠵᠤ᠂ ᠠᠵᠢᠯ ᠤᠨ ᠬᠦᠴᠦᠯᠡᠴᠡ ᠪᠠᠨ ᠨᠡᠮᠡᠭᠳᠡᠭᠦᠯᠦᠨ ᠠᠵᠢᠯ ᠤᠨ | ᠲᠤᠤᠱᠯᠠᠭᠤᠯᠤᠯᠲᠠ ᠪᠤᠯᠤᠨ ᠠᠬᠢᠴᠠ ᠶᠢ ᠰᠠᠶᠢᠲᠤᠷ ᠠᠳᠬᠤᠬᠤ ᠬᠡᠷᠡᠭᠲᠡᠢ ᠬᠡᠪᠡ᠃ | ᠱᠠᠭᠠᠷᠳᠠᠨ ᠪᠠᠶᠢᠴᠠᠭᠠᠬᠤ ᠲᠤᠭᠤᠶᠢᠯᠠᠩ ᠤᠨ ᠬᠢᠨ ᠪᠠᠰᠠ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ | ᠤ ᠲᠦᠪ᠂ ᠰᠤᠶᠤᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ᠂ ᠮᠤᠩᠭᠤᠯ ᠡᠮᠨᠡᠯᠭᠡ ᠶᠢᠨ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠤᠰᠬᠠᠬᠤ ᠬᠦᠷᠢᠶᠡᠯᠡᠩ | ᠂ ᠭᠠᠯᠠᠭᠤᠲᠦ ᠪᠠᠯᠭᠠᠰᠤᠨ ᠤ ᠠᠮᠢᠳᠤᠷᠠᠯ ᠤᠨ ᠬᠤᠭ ᠨᠤᠪᠰᠢ ᠶᠢ ᠰᠢᠢᠳᠪᠦᠷᠢᠯᠡᠬᠦ ᠦᠢᠯᠡᠳᠪᠦᠷᠢ᠂ ᠤᠯᠠᠭᠠᠠᠲᠤᠯᠤᠭᠠᠢ | ᠪᠠᠯᠭᠠᠰᠤᠨ ᠤ ᠪᠠᠶᠠᠠᠭᠤᠤᠯ ᠭᠠᠴᠠᠭ᠎ᠠ ᠵᠡᠷᠭᠡ ᠭᠠᠵᠠᠷ ᠢᠶᠠᠷ ᠬᠦᠷᠴᠦ ᠬᠠᠮᠢᠶ᠎ᠠ ᠪᠦᠬᠦᠢ ᠠᠵᠢᠯ ᠤᠨ ᠲᠤᠤᠱᠯᠠᠭᠤᠯᠤᠯᠲᠠ | ᠶᠢᠨ ᠪᠠᠶᠢᠳᠠᠯ ᠢ ᠪᠠᠶᠢᠴᠠᠭᠠᠵᠤ᠂ ᠬᠤᠰᠢᠭᠤᠨ ᠤ ᠠᠷᠠᠳ ᠤᠨ ᠲᠦᠯᠦᠭᠡᠯᠡᠭᠴᠢ᠂ ᠤᠯᠠᠨ ᠲᠦᠮᠡᠨ ᠤᠷᠤᠯᠴᠠᠭᠰᠠᠨ | ᠰᠠᠭᠤᠳᠠᠯ ᠤᠨ ᠬᠤᠷᠠᠯ ᠬᠤᠷᠠᠯᠳᠤᠭᠤᠯᠵᠤ᠂ ᠰᠠᠨᠠᠯ ᠰᠠᠨᠠᠭᠤᠯᠭ᠎ᠠ ᠶᠢ ᠰᠤᠨᠤᠰᠤᠭᠰᠠᠨ ᠤ ᠬᠠᠮᠲᠦ ᠬᠠᠮᠢᠶ᠎ᠠ ᠪᠦᠬᠦᠢ | ᠮᠠᠲ᠋ᠧᠷᠢᠶᠠᠯ ᠢ ᠪᠠᠶᠢᠴᠠᠭᠠᠨ ᠦᠵᠡᠵᠦ ᠪᠠᠶᠢᠳᠠᠯ ᠢ ᠤᠶᠢᠯᠠᠭᠠᠪᠠ᠃ |