ᠯᠢ ᠵᠢᠢ ᠾᠧᠩ᠄ ᠡᠷᠡᠰ ᠵᠤᠷᠢᠭ ᠢᠶᠠᠨ ᠪᠠᠳᠤᠵᠢᠭᠤᠯᠤᠨ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠤ ᠡᠷᠴᠢ ᠵᠤᠷᠢᠭ ᠢᠶᠠᠨ ᠪᠠᠳᠠᠷᠠᠭᠤᠯᠤᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠡᠷᠡᠭᠳᠠᠢ
ᠨᠡᠶᠢᠲᠡᠯᠡᠭᠰᠡᠨ ᠴᠠᠭ᠄
2018-07-27
      7 ᠰᠠᠷ᠎ᠠ ᠶᠢᠨ 21 ᠠᠴᠠ 22 ᠤᠨ ᠦᠳᠡ ᠶᠢᠨ ᠡᠮᠦᠨ᠎ᠠ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠠᠴᠠ ᠪᠦᠬᠦ ᠤᠷᠤᠨ ᠤ ᠲᠡᠭᠡᠷ᠎ᠠ ᠬᠠᠭᠠᠰ ᠵᠢᠯ ᠤᠨ ᠭᠤᠤᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠳᠡ ᠶᠢᠨ ᠬᠤᠷᠠᠯ ᠢ ᠬᠤᠷᠠᠯᠳᠤᠭᠤᠯᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠭᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠲᠤᠭᠤᠷᠢᠨ ᠳᠤ ᠲᠡᠭᠡᠷ᠎ᠠ ᠬᠠᠭᠠᠰ ᠵᠢᠯ ᠤᠨ ᠠᠵᠢᠯ ᠢᠶᠠᠨ ᠳ᠋ᠦᠩᠨᠡᠵᠦ᠂ ᠤᠳᠤᠬᠠᠨ ᠤ ᠪᠠᠶᠢᠳᠠᠯ ᠢ ᠵᠠᠳᠠᠯᠦᠨ ᠂ ᠲᠤᠤᠷ᠎ᠠ ᠬᠠᠭᠠᠰ ᠵᠢᠯ ᠤᠨ ᠡᠭᠦᠷᠭᠡ ᠪᠠᠨ ᠪᠠᠶᠢᠷᠢᠯᠠᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠭᠰᠨᠨ ᠪᠦᠬᠡᠳ ᠶᠠᠷᠢᠶ᠎ᠠ ᠲᠠᠯᠪᠢᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠪᠢᠴᠢᠭ ᠢᠶᠠᠷ ᠶᠠᠷᠢᠶ᠎ᠠ ᠲᠠᠯᠪᠢᠪᠡ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠬᠤ ᠨᠦᠬᠦᠳ ᠬᠤᠷᠠᠯ ᠳᠤ ᠤᠷᠤᠯᠴᠠᠵᠠᠢ᠃ ᠬᠤᠷᠠᠯ ᠠᠴᠠ 12 ᠠᠶᠢᠮᠠᠭ ᠬᠤᠳᠠ᠂ ᠬᠤᠷᠢᠨᠬᠡᠷ ᠰᠢᠨ᠎ᠠ ᠲᠤᠭᠤᠷᠢᠭ ᠪᠤᠯᠤᠨ ᠤᠷᠤᠨ ᠤ ᠰᠢᠭᠤᠳ ᠬᠠᠷᠢᠶ᠎ᠠ 20 ᠰᠠᠯᠠᠭ᠎ᠠ ᠮᠦᠴᠢᠷ ᠨᠢᠭᠡᠴᠢ ᠶᠢᠨ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ᠃      ᠯᠢ ᠵᠢᠢ ᠾᠧᠩ᠂ ᠤᠶᠢᠷ᠎ᠠ ᠶᠢᠨ ᠬᠤᠶᠠᠷ ᠵᠢᠯ ᠳᠤ ᠪᠢᠳᠡ ︽ᠲᠦᠷᠪᠡᠨ ᠤᠬᠠᠮᠰᠠᠷ︾ ᠢ ᠪᠠᠳᠤ ᠪᠤᠢ ᠪᠤᠯᠭᠠᠨ᠂ ᠨᠠᠮ ᠤᠨ ᠲᠦᠪ ᠬᠤᠷᠢᠶ᠎ᠠ ᠶᠢᠨ ᠵᠤᠷᠢᠭ ᠰᠠᠨᠠᠭ᠎ᠠ ᠲᠠᠢ ᠪᠦᠬᠦ ᠲᠠᠯ᠎ᠠ ᠪᠠᠷ ᠬᠠᠷᠭᠤᠭᠤᠯᠤᠨ ᠵᠤᠯᠭᠠᠭᠤᠯᠵᠤ᠂ ᠬᠦᠭᠵᠢᠯᠳᠡ ᠶᠢᠨ ᠦᠵᠡᠯᠳᠡ᠂ ᠠᠵᠢᠯ ᠤᠨ ᠪᠦᠳᠦᠮᠵᠢ ᠶᠢᠨ ᠦᠵᠡᠯᠳᠡ ᠪᠠ ᠤᠯᠠᠨ ᠲᠦᠮᠡᠨᠴᠢ ᠦᠵᠡᠯᠳᠡ ᠶᠢ ᠡᠷᠡᠰ ᠲᠦᠪ ᠪᠤᠯᠭᠠᠵᠤ᠂ ᠪᠤᠷᠤᠭᠤ ᠶᠢ ᠵᠠᠯᠠᠷᠠᠭᠤᠯᠵᠤ ᠬᠡᠯᠪᠡᠷᠢᠯ ᠢ ᠵᠠᠯᠠᠷᠠᠭᠤᠯᠬᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠤᠳ ᠢ ᠡᠷᠡᠰ ᠦᠷᠨᠢᠭᠦᠯᠵᠤ᠂ ᠵᠤᠷᠢᠭ ᠰᠢᠭᠤᠳᠴᠦ ᠪᠠᠶᠢᠭᠠᠳ ᠬᠤᠳᠠᠯ ᠬᠠᠭᠤᠷᠮᠠᠭ ᠵᠦᠢᠯᠡᠰ ᠢ ᠠᠷᠢᠯᠭᠠᠨ᠂ ᠦᠷᠢ ᠦᠭᠴᠡᠭᠡ ᠪᠠᠨ ᠨᠠᠮᠳᠠᠭᠤᠯᠵᠤ᠂ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠵᠤ ᠂ ᠪᠤᠬᠢᠷᠳᠦᠯ ᠢ ᠵᠠᠰᠠᠨ᠂ ᠴᠢᠨᠠᠷ ᠰᠠᠶᠢᠳᠠᠢ ᠬᠦᠭᠵᠢᠯᠳᠡ ᠶᠢᠨ ᠲᠠᠷᠤᠭᠠᠰᠦ ᠶᠢ ᠬᠦᠩᠭᠡᠷᠡᠭᠦᠯᠵᠤ᠂ ᠴᠠᠭ ᠪᠤᠯᠤᠨ ᠤᠷᠤᠨ ᠵᠠᠢ ᠶᠢ ᠤᠯᠵᠤ᠂ ᠴᠢᠳᠠᠪᠤᠷᠢ ᠪᠤᠯᠤᠨ ᠨᠦᠭᠡᠴᠡ ᠬᠦᠴᠦᠨ ᠢ ᠬᠤᠷᠠᠮᠳᠤᠭᠤᠯᠪᠠ᠃ ᠴᠢᠷᠮᠠᠶᠢᠯᠭ᠎ᠠ ᠪᠠᠷ ᠲᠡᠮᠵᠢᠨ ᠲᠡᠭᠡᠷ᠎ᠠ ᠬᠠᠭᠠᠰ ᠵᠢᠯ ᠳᠤ ᠪᠦᠬᠦ ᠤᠷᠤᠨ ᠤ ᠠᠵᠤ ᠠᠬᠤᠢ ᠶᠢᠨ ᠡᠷᠬᠢᠯᠳᠡ ᠲᠤᠬᠳᠠᠭᠤᠨ ᠤ ᠲᠤᠮᠳᠠ ᠲᠡᠭᠡᠭᠰᠢᠯᠡᠨ ᠲᠤᠬᠳᠠᠭᠤᠨ ᠤ ᠲᠤᠮᠳᠠ ᠰᠠᠶᠢᠵᠢᠷᠠᠵᠦ᠂ ᠴᠢᠨᠠᠷ ᠰᠠᠶᠢᠳᠠᠢ ᠬᠦᠭᠵᠢᠯᠳᠡ ᠶᠢᠨ ᠪᠠᠶᠢᠳᠠᠯ ᠨᠢᠭᠡᠨᠳᠡ ᠢᠯᠡᠷᠡᠰᠢᠭᠰᠡᠨ ᠪᠠᠶᠢᠨ᠎ᠠ ᠬᠡᠵᠤ ᠵᠢᠭᠠᠵᠤ ᠭᠠᠷᠭᠠᠵᠠᠢ᠃ ᠯᠢ ᠵᠢᠢ ᠾᠧᠩ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠪᠠᠶᠢᠳᠠᠯ ᠢ ᠲᠤᠳᠤᠷᠬᠠᠢ ᠲᠠᠨᠢᠵᠦ᠂ ᠬᠠᠷᠢᠭᠤᠴᠠᠯᠭ᠎ᠠ ᠡᠭᠦᠷᠭᠡᠯᠡᠨ᠂ ᠡᠷᠡᠰ ᠵᠤᠷᠢᠭ ᠢᠶᠠᠨ ᠪᠠᠳᠤᠵᠢᠭᠤᠯᠤᠨ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠤ᠂ ᠡᠷᠴᠢ ᠵᠤᠷᠢᠭ ᠢᠶᠠᠨ ᠪᠠᠳᠠᠷᠠᠭᠤᠯᠤᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠡᠷᠡᠭᠳᠠᠢ᠃ ᠡᠳ᠋ ᠤᠨ ᠵᠠᠰᠠᠭ ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ᠂ ᠢᠯᠠᠩᠭᠤᠶ᠎ᠠ ᠵᠠᠰᠠᠭ ᠤᠨ ᠤᠷᠳᠤᠨ ᠤ ᠦᠷᠢ ᠦᠭᠴᠡᠭᠡᠨ ᠤ ᠠᠶᠤᠯ ᠲᠦᠭᠰᠢᠭᠦᠷᠢ ᠶᠢ ᠦᠨᠡᠨ ᠭᠦ ᠰᠡᠷᠬᠡᠶᠢᠯᠡᠨ ᠨᠠᠮᠳᠠᠭᠤᠯᠵᠤ᠂ ᠦᠷᠢ ᠦᠭᠴᠡᠭᠡ ᠶᠢ ᠨᠠᠮᠳᠠᠭᠤᠯᠬᠤ ᠠᠵᠢᠯ ᠢ ᠡᠷᠴᠢᠮ ᠲᠠᠢ ᠡᠮᠬᠢ ᠵᠢᠷᠦᠮ ᠲᠠᠢ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠦᠨᠳᠦᠷ ᠬᠦᠦ ᠲᠠᠢ ᠵᠢᠭᠡᠯᠡᠯᠭᠡ ᠳᠤ ᠬᠠᠤᠯᠢ ᠶᠤᠰᠤᠭᠠᠷ ᠴᠤᠬᠢᠯᠳᠠ ᠦᠭᠭᠦ ᠬᠡᠷᠡᠭᠳᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠬᠰᠢᠳᠠ ᠬᠦᠨᠵᠡᠭᠡᠶᠢᠷᠡᠭᠦᠯᠦᠨ᠂ ᠶᠠᠳᠠᠭᠤ ᠶᠢ ᠲᠡᠳᠭᠦᠭᠦ ᠪᠠᠷᠢᠮᠵᠢᠶ᠎ᠠ ᠶᠢ ᠴᠢᠩᠳᠠᠯᠠᠵᠦ᠂ ᠶᠠᠳᠠᠭᠤ ᠶᠢ ᠲᠡᠳᠭᠦᠭᠦ ᠲᠦᠷᠦᠯ ᠵᠦᠢᠯ ᠢ ᠪᠤᠳᠠᠳᠠᠶᠢᠵᠢᠭᠤᠯᠦᠨ᠂ ᠪᠤᠭᠤᠮᠳᠠ ᠰᠢᠪᠳᠤᠯᠬᠤ ᠬᠠᠮᠳᠤᠷᠠᠯ ᠬᠦᠴᠦᠨ ᠢ ᠨᠢᠬᠳᠠᠷᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠲᠤᠬᠠᠢ ᠶᠢᠨ ᠵᠢᠯ ᠳᠤ ᠪᠠᠶᠢᠳᠠᠯ ᠢ ᠬᠤᠪᠢᠷᠠᠭᠤᠯᠦᠨ᠂ ᠭᠤᠷᠪᠠᠨ ᠵᠢᠯ ᠳᠤ ᠪᠦᠬᠦ ᠢᠯᠠᠯᠳᠠ ᠶᠢ ᠴᠢᠷᠮᠠᠶᠢᠨ ᠪᠡᠶᠡᠯᠡᠭᠦᠯᠭᠦ ᠬᠡᠷᠡᠭᠳᠡᠢ᠃ ᠠᠮᠢ ᠠᠬᠤᠢ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠭᠦ ᠪᠠᠷ ᠤᠳᠤᠷᠢᠳᠤᠮᠵᠢ ᠪᠤᠯᠭᠠᠨ ᠭᠤᠤᠯᠳᠠᠯᠭ᠎ᠠ ᠲᠠᠢ ᠵᠦᠢᠯ ᠢ ᠭᠤᠤᠯᠳᠠᠯᠭ᠎ᠠ ᠲᠠᠢ ᠠᠳᠬᠤᠵᠤ᠂ ᠦᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠶᠢ ᠤᠶᠠᠯᠳᠤᠭᠤᠯᠤᠨ᠂ ᠪᠤᠬᠢᠷᠳᠦᠯ ᠢ ᠰᠡᠷᠬᠡᠶᠢᠯᠡᠨ ᠵᠠᠰᠬᠠᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠭᠦᠯᠵᠢᠯᠡᠨ ᠬᠦᠨᠵᠡᠭᠡᠶᠢᠷᠡᠭᠦᠯᠭᠦ ᠬᠡᠷᠡᠭᠳᠡᠢ᠃ ᠡᠷᠴᠢᠮ ᠢᠶᠠᠨ ᠴᠢᠩᠭᠠᠷᠠᠭᠤᠯᠤᠨ ᠪᠡᠯᠡ ᠤᠷᠤᠭᠤᠯᠤᠯᠳᠠ᠂ ᠠᠵᠤ ᠦᠢᠯᠡᠰ᠂ ᠲᠦᠷᠦᠯ ᠵᠦᠢᠯ ᠢ ᠠᠳᠬᠤᠵᠤ᠂ ᠠᠵᠤ ᠦᠢᠯᠡᠰ ᠤᠨ ᠪᠦᠳᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠲᠦᠷᠭᠡᠳᠭᠡᠨ ᠠᠬᠢᠭᠤᠯᠵᠤ᠂ ᠬᠤᠳᠠ ᠬᠦᠳᠡᠭᠡ ᠤᠷᠤᠨ ᠪᠦᠰᠡ ᠶᠢᠨ ᠬᠦᠭᠵᠢᠯᠳᠡ ᠶᠢᠨ ᠲᠡᠩᠴᠡᠭᠦᠷᠢ ᠦᠭᠡᠢ ᠬᠦᠢᠴᠡᠳ ᠦᠭᠡᠢ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠦᠭᠡᠷᠡᠴᠢᠯᠡᠯᠳᠡ ᠬᠢᠵᠤ ᠰᠢᠨ᠎ᠠ ᠶᠢ ᠡᠭᠦᠳᠭᠦ ᠬᠦᠳᠡᠯᠭᠡᠭᠦ ᠬᠦᠴᠦᠨ ᠢ ᠦᠨᠡᠨ ᠬᠦ ᠴᠢᠩᠭᠠᠳᠬᠠᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃      ᠯᠢ ᠵᠢᠢ ᠾᠧᠩ᠂ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠦᠨ᠂ ᠡᠯ᠎ᠠ ᠵᠦᠢᠯ ᠤᠨ ᠦᠢᠯᠡᠰ ᠤᠨ ᠬᠦᠭᠵᠢᠯᠳᠡ ᠳᠤ ᠪᠠᠳᠤ ᠴᠢᠩᠭ᠎ᠠ ᠪᠠᠳᠤᠯᠠᠭ᠎ᠠ ᠬᠠᠩᠭᠠᠬᠤ ᠬᠡᠷᠡᠭᠳᠡᠢ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠠᠵᠢᠯ ᠤᠨ ᠨᠡᠶᠢᠳᠡᠪᠦᠷᠢᠵᠢᠭᠤᠯᠤᠯᠳᠠ ᠶᠢ ᠴᠢᠩᠭ᠎ᠠ ᠠᠳᠬᠤᠵᠤ᠂ ᠰᠤᠷᠤᠯᠴᠠᠨ ᠰᠤᠳᠤᠯᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ ᠪᠠ ᠠᠵᠢᠯ ᠢᠶᠠᠨ ᠨᠢᠭᠡᠳᠦᠯᠳᠡᠢ ᠲᠦᠯᠦᠪᠵᠢᠭᠦᠯᠭᠦ ᠪᠠᠨ ᠴᠢᠩᠭᠠᠳᠬᠠᠵᠤ᠂ ᠰᠢᠷᠭᠠᠭᠤ ᠬᠠᠳᠠᠭᠤᠯᠵᠢᠳᠡᠢ ᠴᠢᠷᠮᠠᠶᠢᠨ ᠠᠵᠢᠯᠯᠠᠵᠤ᠂ ᠨᠠᠮ ᠤᠨ ᠲᠦᠪ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠡᠯ᠎ᠠ ᠵᠦᠢᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢᠨ ᠪᠤᠳᠠᠳᠠᠢ ᠳᠤ ᠨᠡᠶᠢᠳᠡᠪᠦᠷᠢᠵᠢᠭᠤᠯᠤᠬᠳᠠᠬᠤ ᠶᠢ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠵᠠᠢ᠃      ᠪᠦ᠋ ᠰᠢᠶᠤᠤ ᠯᠢᠨ᠂ ᠬᠦᠭᠵᠢᠯᠳᠡ ᠶᠢᠨ ᠢᠳᠡᠭᠡᠯ ᠢᠶᠠᠨ ᠴᠢᠨᠠᠬᠰᠢᠳᠠ ᠬᠦᠪᠴᠢᠯᠡᠵᠤ᠂ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠢ ᠡᠷᠡᠰ ᠨᠡᠶᠢᠳᠡᠪᠦᠷᠢᠵᠢᠭᠤᠯᠬᠤ ᠬᠡᠷᠡᠭᠳᠡᠢ᠃ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠴᠦᠭᠦᠷᠡᠰᠢ ᠦᠭᠡᠢ ᠰᠠᠶᠢᠳᠤᠷ ᠠᠳᠬᠤᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠠᠵᠢᠯ ᠲᠤᠮᠳᠠᠬᠢ ᠠᠰᠠᠭᠤᠳᠠᠯ ᠳᠤ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠤ᠂ ᠪᠦᠬᠦ ᠲᠠᠯ᠎ᠠ ᠪᠠᠷ ᠲᠦᠢᠯᠪᠤᠷᠢᠲᠠᠢ ᠲᠤᠭᠤᠰᠢᠳᠠᠢ ᠴᠡᠭᠴᠡᠯᠡᠨ ᠰᠠᠶᠢᠵᠢᠷᠠᠭᠤᠯᠬᠤ ᠬᠡᠷᠡᠭᠳᠡᠢ᠃ ᠰᠢᠨ᠎ᠠ ᠶᠢ ᠡᠭᠦᠳᠭᠦ ᠪᠠᠷ ᠬᠦᠳᠡᠯᠭᠡᠭᠦᠷ ᠪᠤᠯᠭᠠᠬᠤ ᠶᠢ ᠴᠢᠩᠭᠠᠳᠬᠠᠨ᠂ ᠰᠢᠨ᠎ᠠ ᠬᠦᠳᠡᠯᠭᠡᠭᠦ ᠡᠨᠧᠷᠬᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠬᠤ ᠶᠢ ᠰᠠᠶᠢᠳᠤᠷ ᠠᠳᠬᠤᠵᠤ᠂ ᠰᠢᠨ᠎ᠠ ᠬᠠᠭᠤᠴᠢᠨ ᠬᠦᠳᠡᠯᠭᠡᠭᠦ ᠡᠨᠧᠷᠬᠢ ᠶᠢᠨ ᠰᠤᠯᠢᠬᠳᠠᠯ ᠢ ᠲᠦᠷᠭᠡᠳᠭᠡᠭᠦ ᠬᠡᠷᠡᠭᠳᠡᠢ᠃ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠰᠠᠶᠢᠳᠤᠷ ᠬᠡᠷᠡᠭᠵᠢᠭᠦᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠭᠦ︾ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠂ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠲᠦᠷᠭᠡᠳᠭᠡᠵᠦ᠂ ᠠᠷᠠᠯᠵᠢᠶ᠎ᠠ ᠡᠵᠡᠩᠨᠡᠭᠦ ᠤᠷᠴᠢᠨ ᠲᠤᠭᠤᠷᠢᠨ ᠢ ᠶᠡᠭᠡ ᠪᠠᠷ ᠰᠢᠯᠢᠳᠡᠭᠵᠢᠭᠦᠯᠭᠦ ᠬᠡᠷᠡᠭᠳᠡᠢ᠃ ᠰᠤᠷᠭᠠᠨ ᠬᠦᠮᠦᠵᠢᠯ᠂ ᠠᠵᠢᠯ ᠤᠯᠭᠤᠯᠳᠠ᠂ ᠦᠶᠡᠷ ᠤᠨ ᠰᠡᠷᠬᠡᠶᠢᠯᠡᠯᠳᠡ ᠪᠤᠯᠤᠨ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠶᠢᠨ ᠠᠵᠢᠯ ᠢ ᠰᠠᠶᠢᠳᠤᠷ ᠬᠢᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠳᠤᠯᠠᠵᠤ ᠰᠠᠶᠢᠵᠢᠷᠠᠭᠤᠯᠬᠤ ᠬᠡᠷᠡᠭᠳᠡᠢ᠃ ᠬᠠᠳᠠᠭᠠᠰᠦ ᠬᠠᠳᠠᠬᠤ ᠵᠤᠷᠢᠭ ᠰᠠᠨᠠᠭ᠎ᠠ ᠪᠠᠷ ᠠᠵᠢᠯ ᠤᠨ ᠨᠡᠶᠢᠳᠡᠪᠦᠷᠢᠵᠢᠭᠤᠯᠤᠯᠳᠠ ᠶᠢ ᠪᠦᠬᠦ ᠬᠦᠴᠦᠨ ᠢᠶᠠᠷ ᠠᠬᠢᠭᠤᠯᠵᠤ᠂ ᠡᠨᠡ ᠵᠢᠯ ᠤᠨ ᠡᠯ᠎ᠠ ᠵᠦᠢᠯ ᠤᠨ ᠡᠭᠦᠷᠭᠡ ᠶᠢ ᠰᠠᠶᠢᠳᠤᠷ ᠪᠡᠶᠡᠯᠡᠭᠦᠯᠭᠦ ᠶᠢ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠪᠠ᠃
       ᠲᠤᠰ ᠤᠳᠠᠭᠠᠨ ᠤ ᠬᠤᠷᠠᠯ ᠨᠢ ᠸᠢᠳᠢᠤ᠋ ᠬᠤᠷᠠᠯ ᠤᠨ ᠬᠡᠯᠪᠡᠷᠢ ᠪᠠᠷ ᠶᠠᠪᠤᠭᠳᠠᠵᠤ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠪᠠᠷ ᠨᠡᠷ᠎ᠡ ᠳᠤᠷᠠᠳᠤᠭᠳᠠᠭᠴᠢ ᠵᠤᠤ ᠹᠧᠢ ᠯᠤ᠋᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠢ ᠵᠡᠷᠭᠡ ᠮᠠᠨ ᠤ ᠬᠤᠰᠢᠭᠤᠨ ᠤ ᠲᠦᠷᠪᠡᠨ ᠶᠡᠭᠡ ᠣᠳᠣᠷᠢᠳᠬᠤ ᠪᠠᠭ ᠤᠨ ᠰᠢᠶᠠᠨ ᠤ ᠳᠡᠰ  ᠤᠨ ᠪᠦᠬᠦ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠤᠰᠢᠭᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠳ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号