ᠤᠯᠠᠭᠠᠨᠳᠤᠯᠤᠭᠠᠢ ᠪᠠᠯᠭᠠᠰᠤ ᠨᠢ ᠤᠷᠤᠨ ᠨᠤᠳᠤᠭ ᠤᠨ ᠦᠪᠡᠷᠮᠢᠴᠡ ᠤᠨᠴᠠᠯᠢᠭᠳᠤ ᠰᠤᠶᠤᠯ ᠵᠤᠭᠠᠴᠠᠯ ᠤᠨ | ᠡᠬᠢ ᠪᠠᠶᠠᠯᠢᠭ ᠢ ᠬᠦᠨᠵᠡᠬᠡᠢ ᠠᠭᠤᠳᠠᠯᠯᠠᠵᠤ᠂ ᠰᠤᠶᠤᠯ ᠵᠤᠭᠠᠴᠠᠯ ᠤᠨ ᠠᠭᠤᠰᠤᠯᠴᠠᠯ ᠢ ᠤᠶᠠᠯᠳᠤᠭᠤᠯᠤᠨ | ᠬᠦᠭᠵᠢᠬᠦᠯᠬᠦ ᠦᠬᠡᠷᠡᠴᠢᠯᠡᠯᠳᠠ ᠶᠢᠨ ᠲᠤᠷᠰᠢᠯᠳᠠ ᠶᠢᠨ ᠴᠡᠭ ᠤᠨ ᠪᠠᠶᠢᠭᠤᠯᠤᠯᠳᠠ ᠶᠢ ᠠᠬᠢᠭᠤᠯᠤᠨ᠂ ︽ᠵᠡᠬᠦᠨ ᠢᠶᠠᠨ | ᠰᠡᠯᠡᠬᠦᠴᠡᠯ᠂ ᠪᠡᠷᠠᠭᠤᠨ ᠢᠶᠠᠨ ᠰᠢᠳᠦᠭᠡᠨ᠂ ᠡᠮᠤᠨᠠᠳᠤ ᠲᠠᠯ᠎ᠠ ᠳᠤ ᠪᠠᠨ ᠲᠠᠷᠢᠶᠠᠯᠠᠩ᠂ ᠤᠮᠠᠷᠠᠳᠤ ᠲᠠᠯ᠎ᠠ ᠳᠤ ᠪᠠᠨ | ᠮᠠᠯᠵᠢᠯ︾ ᠬᠡᠬᠦ ᠰᠣᠶᠣᠯ ᠵᠣᠭᠠᠴᠠᠯ ᠤᠨ ᠠᠵᠤ ᠤᠶᠢᠯᠠᠰ ᠤᠨ ᠪᠠᠶᠢᠷᠢᠰᠢᠭᠤᠯᠤᠯᠳᠠ ᠶᠢ ᠬᠦᠴᠤᠯᠠᠨ ᠴᠤᠭᠴᠠᠯᠠᠵᠤ᠂ | ᠤᠷᠤᠨ ᠨᠤᠳᠤᠭ ᠤᠨ ᠨᠡᠷᠡᠳᠤ ᠪᠡᠶ᠎ᠡ ᠲᠠᠮᠢᠷ᠂ ᠰᠡᠯᠡᠬᠦᠴᠡᠯ᠂ ᠡᠷᠡᠬᠦᠯ ᠮᠡᠨᠳᠤ᠂ ᠪᠡᠶ᠎ᠡ ᠰᠤᠪᠢᠯᠠᠬᠤ ᠪᠠᠯᠭᠠᠰᠤ ᠶᠢ ᠪᠦᠬᠦ | ᠬᠦᠴᠤ ᠪᠠᠷ ᠢᠶᠠᠨ ᠪᠠᠶᠢᠭᠤᠯᠤᠨ ᠰᠤᠶᠤᠯ ᠵᠤᠭᠠᠴᠠᠯ ᠤᠨ ᠠᠭᠤᠰᠤᠯᠴᠠᠯ ᠬᠦᠭᠵᠢᠯᠳᠠ ᠶᠢᠨ ᠴᠤᠭ ᠪᠠᠳᠠᠷᠠᠩᠭᠤᠢ | ᠠᠮᠢᠵᠢᠷᠠᠯ ᠤᠨ ᠬᠦᠴᠤᠨ ᠢᠶᠠᠨ ᠬᠦᠴᠤᠯᠡᠨ ᠪᠠᠳᠠᠷᠠᠭᠤᠯᠵᠤ ᠪᠤᠢ᠃ | ᠲᠤᠯᠤᠭᠠᠶᠢᠯᠠᠭᠴᠢ ᠠᠵᠤ ᠠᠬᠤᠶᠢᠯᠠᠯ ᠢ ᠠᠳᠬᠤᠨ ᠨᠢᠬᠡᠳᠤᠯᠳᠡᠢ ᠲᠦᠯᠤᠪᠯᠡᠬᠦ ᠶᠢ ᠴᠢᠩᠭᠠᠳᠬᠠᠵᠤ᠂ ᠪᠦᠬᠦ | ᠤᠷᠤᠨ ᠪᠦᠰᠡ ᠶᠢᠨ ᠵᠤᠭᠠᠴᠠᠯ ᠤᠨ ᠰᠢᠨ᠎ᠡ ᠪᠠᠶᠢᠷᠢᠰᠢᠯ ᠢ ᠪᠠᠶᠢᠭᠤᠯᠵᠤ ᠪᠠᠶᠢᠨ᠎ᠠ᠃ ᠤᠤᠯ ᠠᠴᠠ ᠪᠠᠨ ᠪᠠᠶᠢᠭ᠎ᠠ ᠤᠷᠤᠨ | ᠨᠤᠳᠤᠭ ᠤᠨ ᠤᠨᠴᠠᠯᠢᠭᠳᠤ ᠰᠤᠶᠤᠯ ᠵᠤᠭᠠᠴᠠᠯ ᠤᠨ ᠡᠬᠢ ᠪᠠᠶᠠᠯᠢᠭ ᠲᠤ ᠲᠦᠰᠢᠭᠯᠡᠨ᠂ ᠰᠤᠶᠤᠯ ᠵᠤᠭᠠᠴᠠᠯ ᠢ | ᠠᠭᠤᠰᠤᠯᠴᠠᠭᠤᠯᠤᠨ ᠬᠦᠭᠵᠢᠬᠦᠯᠬᠦ ᠰᠢᠨ᠎ᠠ ᠵᠠᠮ ᠢ ᠢᠳᠡᠪᠬᠢᠳᠡᠢ ᠬᠠᠶᠢᠨ ᠰᠦᠪᠡᠭᠴᠢᠯᠡᠵᠤ᠂ ᠬᠤᠷ᠎ᠠ ᠤᠰᠤ | ᠦᠵᠡᠮᠵᠢ ᠶᠢᠨ ᠤᠷᠤᠨ ᠢ ᠬᠦᠴᠤᠯᠠᠨ ᠪᠠᠶᠢᠭᠤᠯᠬᠤ ᠪᠠᠷ ᠲᠦᠷᠤᠬᠦᠯᠡᠬᠦᠯᠤᠨ᠂ ︽ᠨᠤᠮ ᠤᠨ ᠤᠪᠤᠭ᠎ᠠ︾᠂ ᠢᠯᠡᠯᠳᠡ | ᠲᠤᠰᠬᠤᠨ ᠤ ︽ᠲᠡᠭᠷᠢ ᠲᠠᠯ᠎ᠠ︾᠂ ︽ᠠᠬᠠᠮᠠᠳ ᠲᠤᠰᠬᠤᠨ ᠤ ᠲᠠᠷᠤᠭ᠎ᠠ ᠶᠢᠨ ᠦᠯᠢᠬᠡᠷ︾᠂ ᠤᠩᠭᠤᠨ ᠮᠠᠩᠬ᠎ᠠ | ᠡᠯᠡᠰᠤᠨ ᠴᠦᠯ ᠤᠨ ᠤᠯᠤᠰ ᠤᠨ ᠲᠡᠰ ᠤᠨ ᠴᠡᠴᠡᠷᠯᠢᠭ᠂ ᠨᠤᠳᠤᠭ ᠠᠮᠢᠳᠠᠨ ᠤᠷᠭᠤᠮᠠᠯ ᠤᠨ ᠮᠦᠽᠸᠢ ᠵᠡᠷᠬᠡ | ᠤᠨᠴᠠᠯᠢᠭᠳᠤ ᠵᠤᠭᠠᠴᠠᠯ ᠤᠨ ᠡᠬᠢ ᠪᠠᠶᠠᠯᠢᠭ ᠢ ᠨᠡᠶᠢᠯᠡᠬᠦᠯᠤᠨ ︽1+N︾ ᠤᠨ ᠪᠦᠬᠦ ᠤᠷᠤᠨ ᠪᠦᠰᠡ ᠶᠢᠨ | ᠵᠤᠭᠠᠴᠠᠯ ᠤᠨ ᠬᠦᠭᠵᠢᠯᠳᠠ ᠶᠢᠨ ᠬᠡᠯᠪᠡᠷᠢ ᠶᠢ ᠪᠤᠢ ᠪᠤᠯᠭᠠᠵᠤ ᠪᠠᠶᠢᠨ᠎ᠠ᠃ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ | ᠂ ᠬᠦᠭᠵᠢᠯᠳᠠ ᠶᠢᠨ ᠲᠤᠳᠠᠭᠤᠳᠠᠯ ᠢᠶᠠᠨ ᠡᠷᠢᠨ ᠨᠢᠬᠡ ᠪᠦᠯᠤᠭ᠌ ᠬᠠᠷᠠᠭᠠᠯᠵᠠᠯ ᠤᠨ ᠲᠦᠷᠤ ᠶᠢᠨ ᠪᠤᠳᠤᠯᠭ᠎ᠠ ᠶᠢ | ᠦᠷᠨᠢᠬᠦᠯᠵᠤ᠂ ᠨᠢᠬᠡᠨ ᠰᠤᠳᠤᠨ ᠵᠠᠮ ᠱᠤᠭᠤᠮ ᠢ ᠨᠡᠬᠡᠬᠡᠨ ᠬᠦᠭᠵᠢᠬᠦᠯᠵᠤ᠂ ᠨᠢᠬᠡ ᠪᠦᠯᠤᠭ᠌ ᠪᠦᠳᠤᠬᠡᠨ | ᠪᠠᠶᠢᠭᠤᠯᠤᠯᠳᠠ ᠶᠢᠨ ᠲᠦᠷᠤᠯ ᠵᠦᠢᠯ ᠢ ᠬᠡᠷᠡᠭᠵᠢᠬᠦᠯᠤᠨ᠂ ᠨᠢᠬᠡᠨ ᠵᠢᠱᠢᠶᠡᠴᠢ ᠦᠵᠡᠮᠵᠢ ᠶᠢᠨ ᠴᠡᠭ ᠢ ᠪᠠᠶᠢᠭᠤᠯᠵᠤ᠂ | ᠨᠢᠬᠡ ᠪᠦᠯᠤᠭ᠌ ᠰᠤᠷᠤᠯᠴᠠᠯᠭ᠎ᠠ ᠪᠤᠯᠪᠠᠰᠤᠷᠠᠯ ᠢ ᠦᠷᠨᠢᠬᠦᠯᠤᠨ ᠨᠢᠬᠡ ᠪᠦᠯᠤᠭ᠌ ᠦᠪᠡᠷᠮᠢᠴᠡ ᠤᠨᠴᠠᠯᠢᠭ ᠲᠠᠢ | ᠰᠤᠶᠤᠯ ᠤᠨ ᠡᠷᠤᠬᠡ᠂ ᠨᠢᠬᠡ ᠪᠦᠯᠤᠭ᠌ ᠵᠤᠭᠠᠴᠠᠯ ᠤᠨ ᠵᠤᠴᠢᠯᠠᠬᠤ ᠡᠷᠤᠬᠡ ᠶᠢ ᠬᠦᠮᠤᠵᠢᠬᠦᠯᠵᠤ᠂ ᠨᠢᠬᠡ ᠪᠦᠯᠤᠭ᠌ | ᠤᠯᠠᠮᠵᠢᠯᠠᠯᠳᠤ ᠭᠠᠷ ᠪᠦᠳᠤᠬᠡᠭᠳᠡᠬᠦᠨ ᠤ ᠡᠷᠤᠬᠡ ᠶᠢ ᠲᠡᠳᠬᠦᠨ᠂ ᠨᠢᠬᠡ ᠪᠦᠯᠤᠭ᠌ ᠰᠤᠶᠤᠯ ᠵᠤᠭᠠᠴᠠᠯ ᠤᠨ ᠠᠵᠢᠯᠯᠠᠭ᠎ᠠ | ᠵᠤᠬᠢᠶᠠᠨ ᠪᠠᠶᠢᠭᠤᠯᠵᠤ᠂ ᠠᠷᠪᠠᠨ ︽ᠨᠢᠬᠡ︾ ᠬᠡᠬᠦ ᠦᠪᠡᠷᠮᠢᠴᠡ ᠤᠨᠴᠠᠯᠢᠭ ᠲᠠᠢ ᠰᠤᠶᠤᠯ ᠵᠤᠭᠠᠴᠠᠯ ᠤᠨ | ᠠᠭᠤᠰᠤᠯᠴᠠᠯ ᠤᠨ ᠲᠡᠮᠳᠡᠭᠳᠤ ᠶᠢᠨ ᠲᠤᠰᠬᠠᠢ ᠠᠵᠢᠯᠯᠠᠭ᠎ᠠ ᠡᠬᠢᠯᠡᠬᠦᠯᠵᠤ᠂ ᠰᠤᠶᠤᠯ ᠵᠤᠭᠠᠴᠠᠯ ᠤᠨ ᠠᠵᠤ ᠦᠢᠯᠡᠰ ᠤᠨ | ᠠᠭᠤᠰᠤᠯᠴᠠᠯ ᠤᠨ ᠬᠦᠭᠵᠢᠯᠳᠠ ᠶᠢ ᠪᠦᠬᠦ ᠬᠦᠴᠤᠨ ᠢᠶᠠᠷ ᠢᠶᠠᠨ ᠲᠦᠯᠬᠢᠨ ᠠᠬᠢᠭᠤᠯᠬᠤ ᠪᠠᠷ ᠬᠦᠴᠤᠯᠡᠨ ᠴᠢᠷᠮᠡᠶᠢᠵᠤ | ᠪᠤᠢ᠃ | ᠠᠷᠭ᠎ᠠ ᠪᠠᠷᠢᠯ ᠢᠶᠠᠨ ᠰᠢᠨᠡᠴᠢᠯᠠᠨ᠂ ᠭᠤᠤᠯ ᠴᠤᠭᠴᠠ ᠪᠠᠨ ᠨᠡᠮᠡᠭᠳᠠᠬᠦᠯᠵᠤ᠂ ᠰᠤᠶᠤᠯ ᠵᠤᠭᠠᠴᠠᠯ ᠤᠨ | ᠠᠭᠤᠰᠤᠯᠴᠠᠯ ᠤᠨ ᠰᠢᠨ᠎ᠠ ᠡᠵᠡᠩᠨᠡᠯᠳᠠ ᠶᠢᠨ ᠬᠡᠯᠪᠡᠷᠢ ᠶᠢ ᠪᠤᠶ ᠪᠤᠯᠭᠠᠵᠤ ᠪᠠᠶᠢᠨ᠎ᠠ᠃ ᠦᠪᠡᠷᠮᠢᠴᠡ ᠤᠨᠴᠠᠯᠢᠭᠳᠤ | ᠰᠤᠶᠤᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢ ᠴᠢᠩᠭᠠᠳᠬᠠᠵᠤ᠂ ︽ᠤᠯᠠᠭᠠᠨᠳᠤᠯᠤᠭᠠᠢ ᠶᠢᠨ ᠭᠠᠷ | ᠪᠦᠳᠤᠬᠡᠭᠳᠡᠬᠦᠨ︾ ᠢ ᠰᠡᠶᠢᠳᠤᠷ ᠠᠰᠢᠭᠯᠠᠨ ᠱᠠᠩᠨᠠᠬᠤ ᠪᠠᠷ ᠤᠷᠤᠭᠤᠯᠤᠯᠳᠠ ᠶᠢ ᠤᠷᠤᠯᠠᠭᠤᠯᠬᠤ ᠠᠷᠭ᠎ᠠ ᠮᠠᠶ᠋ᠢᠭ ᠢᠶᠠᠷ | ᠤᠯᠠᠮᠵᠢᠯᠠᠯᠳᠤ ᠭᠠᠷ ᠪᠦᠳᠤᠬᠡᠭᠳᠡᠬᠦᠨ ᠤ ᠵᠢᠱᠢᠶᠡᠴᠢ ᠡᠷᠤᠬᠡ ᠶᠢ ᠬᠦᠮᠤᠵᠢᠬᠦᠯᠤᠨ᠂ ᠨᠡᠩ ᠤᠯᠠᠨ ᠮᠠᠯᠴᠢᠨ ᠲᠠᠷᠢᠶᠠᠴᠢᠨ | ᠡᠷᠤᠬᠡ ᠶᠢ ᠲᠡᠳᠬᠦᠨ ᠬᠦᠳᠤᠯᠤᠨ ᠵᠢᠯᠤᠭᠤᠳᠴᠤ ᠤᠯᠠᠮᠵᠢᠯᠠᠯᠳᠤ ᠭᠠᠷ ᠦᠢᠯᠡᠳᠬᠦᠨ ᠢ ᠦᠢᠯᠡᠳᠬᠦ ᠳᠤ | ᠤᠷᠤᠯᠴᠠᠭᠤᠯᠵᠤ᠂ ᠭᠠᠷ ᠤᠶᠢᠯᠡᠳᠭᠦᠨ ᠢᠶᠠᠨ ᠡᠷᠬᠢᠨ ᠲᠤᠭᠤᠷᠢᠨ ᠤ ᠦᠵᠡᠮᠵᠢ ᠶᠢᠨ ᠤᠷᠤᠨ ᠳᠤ ᠬᠠᠩᠭᠠᠨ᠂ ᠵᠠᠬ᠎ᠠ | ᠲᠡᠯᠬᠡᠬᠦᠷ ᠲᠡᠬᠡᠷ᠎ᠡ ᠦᠷᠢᠰᠤᠯᠳᠤᠬᠦ ᠴᠢᠨᠡᠷ ᠢᠶᠠᠷ ᠴᠢᠩᠭ᠎ᠠ ᠬᠠᠮᠳᠤ ᠶᠢᠨ ᠠᠵᠤ ᠦᠢᠯᠡᠰ ᠢ ᠡᠬᠦᠳᠭᠦ ᠪᠠᠷ ᠴᠢᠷᠮᠡᠶᠢᠢᠵᠤ | ᠪᠠᠶᠢᠨ᠎ᠠ᠃ ᠤᠳᠤᠨ ᠲᠡᠰ ᠤᠨ ᠬᠦᠳᠡᠭᠡ ᠲᠤᠰᠬᠤᠨ ᠤ ᠵᠤᠭᠠᠴᠠᠯ ᠤᠨ ᠵᠤᠴᠢᠯᠠᠬᠤ ᠡᠷᠤᠬᠡ ᠶᠢ ᠢᠳᠡᠪᠬᠢᠳᠡᠢ | ᠬᠦᠮᠤᠵᠢᠬᠦᠯᠤᠨ᠂ ᠤᠷᠤᠨ ᠨᠤᠳᠤᠭ ᠤᠨ ᠰᠤᠶᠤᠯ ᠤᠨ ᠤᠨᠴᠠᠯᠢᠭ ᠢ ᠴᠢᠬᠤᠯᠠᠴᠢᠯᠠᠨ ᠬᠠᠷᠠᠭᠤᠯᠵᠤ᠂ ︽ᠨᠤᠳᠤᠭ ᠤᠨ | ᠦᠨᠤᠷ ᠠᠮᠳᠠ︾ ᠶᠢ ᠲᠤᠪᠤᠶᠢᠯᠭᠠᠨ᠂ ︽ᠲᠠᠯ᠎ᠠ ᠨᠤᠳᠤᠭ ᠤᠨ ᠬᠠᠶᠢᠷ᠎ᠠ︾ ᠶᠢ ᠲᠠᠮᠵᠢᠭᠤᠯᠵᠤ᠂ ᠵᠤᠭᠠᠴᠠᠭᠰᠡᠳ ᠲᠤ | ᠨᠤᠳᠤᠭ ᠤᠨ ᠵᠠᠩ ᠦᠢᠯᠠ ᠶᠢ ᠢᠯᠡᠷᠡᠬᠦᠯᠤᠭ᠍ᠰᠡᠨ ᠤᠯᠠᠮᠵᠢᠯᠠᠯᠳᠤ ᠠᠮᠳᠠᠳᠤ ᠢᠳᠡᠬᠡᠨ ᠢ ᠠᠮᠳᠠᠯᠠᠭᠤᠯᠤᠨ᠂ ᠮᠤᠩᠭᠤᠯ | ᠶᠤᠰᠤ ᠵᠢᠷᠤᠮ ᠢᠶᠠᠷ ᠵᠤᠭᠠᠴᠠᠭᠰᠡᠳ ᠲᠤ ︽ᠤᠯᠠᠭᠠᠨᠳᠤᠯᠤᠭᠠᠢ ᠶᠢᠨ ᠦᠪᠡᠷᠮᠢᠴᠡ ᠰᠠᠭᠤᠭᠳᠠᠯ︾ ᠢ ᠦᠯᠡᠳᠡᠬᠡᠬᠦ ᠳᠤ | ᠪᠡᠯᠡᠬᠡᠨ ᠪᠤᠯᠤᠬᠰᠠᠨ ᠪᠠᠶᠢᠢᠨ᠎ᠠ᠃ | ᠨᠡᠶᠢᠳᠡᠯᠢᠭ ᠵᠢᠱᠢᠶ᠎ᠡ ᠶᠢ ᠲᠡᠯᠬᠡᠷᠡᠭᠦᠯᠦᠨ ᠦᠪᠡᠷᠮᠢᠴᠡ ᠤᠨᠴᠠᠯᠢᠭ ᠢ ᠢᠯᠡᠷᠡᠬᠦᠯᠵᠤ᠂ ᠦᠵᠡᠰᠬᠦᠯᠡᠩᠳᠤ ᠰᠡᠶᠢᠬᠠᠨ | ᠬᠦᠳᠡᠭᠡ ᠲᠤᠰᠬᠤᠨ ᠤ ᠰᠢᠨ᠎ᠠ ᠪᠠᠶᠢᠳᠠᠯ ᠢ ᠲᠡᠯᠬᠡᠨ ᠦᠵᠡᠬᠦᠯᠬᠦ ᠪᠠᠷ ᠴᠢᠷᠮᠡᠶᠢᠢᠵᠤ ᠪᠠᠶᠢᠨ᠎ᠠ᠃ ︽ᠨᠢᠬᠡ ᠲᠤᠰᠬᠤᠨ | ᠨᠢᠬᠡ ᠦᠢᠯᠡᠳᠬᠦᠨ︾ ᠢ ᠡᠬᠦᠳᠤᠨ ᠪᠠᠶᠢᠭᠤᠯᠬᠤ ᠪᠠᠶᠢᠷᠢᠰᠢᠯ ᠢ ᠪᠠᠷᠢᠮᠳᠠᠯᠠᠵᠤ᠂ ᠪᠠᠶᠠᠠᠭᠤᠤᠯ᠂ ᠪᠠᠶᠠᠠᠰᠢᠯᠢ᠂ ᠢᠯᠡᠯᠳᠡ᠂ | ᠤᠷᠤᠬᠰᠢᠯᠡᠯᠳᠡ ᠵᠡᠷᠬᠡ ᠨᠢᠬᠡ ᠪᠦᠯᠤᠭ᠌ ᠵᠢᠱᠢᠶ᠎ᠡ ᠦᠵᠡᠬᠦᠯᠬᠦ ᠦᠢᠯᠠᠳᠤᠯ ᠲᠠᠢ ᠭᠠᠴᠠᠭ᠎ᠠ ᠲᠤᠰᠬᠤᠨ ᠢ | ᠭᠤᠤᠯᠳᠠᠯᠭ᠎ᠠ ᠲᠠᠢ ᠪᠠᠷ ᠡᠬᠦᠳᠤᠨ ᠪᠠᠶᠢᠭᠤᠯᠵᠤ ᠬᠦᠮᠤᠨ ᠪᠠᠶᠢᠭᠠᠯᠢ ᠶᠢᠨ ᠡᠶ᠎ᠡ ᠵᠤᠬᠢᠴᠠᠩᠭᠤᠢ ᠬᠠᠮᠳᠤ ᠪᠠᠷ ᠤᠷᠤᠰᠢᠵᠤ | ᠂ ᠦᠵᠡᠰᠬᠦᠯᠡᠩᠳᠤ ᠰᠡᠶᠢᠬᠠᠨ ᠬᠦᠳᠡᠭᠡ ᠲᠤᠰᠬᠤᠨ ᠤ ᠰᠢᠨ᠎ᠠ ᠪᠠᠶᠢᠳᠠᠯ ᠢ ᠲᠦᠯᠬᠢᠨ ᠠᠬᠢᠭᠤᠯᠵᠤ᠂ ︽ᠲᠡᠭᠷᠢ ᠨᠢ | ᠴᠡᠯᠮᠡᠭ᠂ ᠲᠠᠯ᠎ᠠ ᠨᠢ ᠨᠤᠮᠢᠨ ᠨᠤᠭᠤᠭᠠᠨ᠂ ᠤᠰᠤ ᠨᠢ ᠴᠡᠩᠬᠡᠭ᠂ ᠮᠠᠯ ᠰᠦᠷᠤᠭ᠌ ᠲᠠᠷᠬᠠᠰᠢᠨ ᠪᠡᠯᠴᠢᠭᠰᠡᠨ︾ ᠬᠦᠳᠡᠭᠡ | ᠲᠤᠰᠬᠤᠨ ᠤ ᠦᠵᠡᠮᠵᠢ ᠶᠢ ᠬᠦᠴᠤᠯᠡᠨ ᠪᠤᠢ ᠪᠤᠯᠭᠠᠨ ︽ᠬᠡᠬᠡᠷ᠎ᠡ ᠶᠢᠨ ᠰᠤᠯᠤᠩᠭ᠎ᠠ︾ ᠵᠤᠭᠠᠴᠠᠯ ᠤᠨ ᠪᠡᠶᠡᠴᠢᠯᠡᠨ | ᠦᠢᠯᠠᠭᠠᠬᠤ ᠣᠷᠣᠨ ᠤ ᠢᠨᠵᠧᠨᠧᠷᠢᠩ ᠢ ᠶᠡᠭᠡ ᠬᠦᠴᠤᠨ ᠢᠶᠠᠷ ᠬᠡᠷᠡᠭᠵᠢᠬᠦᠯᠵᠤ᠂ ᠵᠠᠮ ᠱᠤᠭᠤᠮ ᠲᠠᠭᠠᠤ ᠰᠡᠯᠠᠬᠦᠴᠡᠨ | ᠠᠮᠠᠷᠠᠬᠤ ᠵᠤᠭᠠᠴᠠᠯ ᠤᠨ ᠰᠠᠭᠤᠷᠢ ᠲᠦᠬᠦᠬᠡᠷᠤᠮᠵᠢ ᠶᠢ ᠪᠠᠶᠢᠭᠤᠯᠤᠨ ᠴᠡᠴᠡᠭ ᠤᠨ ᠲᠠᠯᠠᠢ ᠨᠤᠭᠤᠭᠠᠨ ᠤᠷᠭᠤᠮᠠᠯ ᠢ | ᠪᠦᠬᠦ ᠤᠷᠤᠨ ᠪᠦᠰᠡ ᠶᠢᠨ ᠠᠮᠢ ᠠᠬᠤᠢ ᠶᠢᠨ ᠦᠵᠡᠮᠵᠢ ᠳᠤ ᠤᠷᠤᠭᠤᠯᠤᠨ ᠠᠪᠴᠢᠷᠠᠵᠤ᠂ ᠬᠦᠳᠡᠭᠡ ᠲᠤᠰᠬᠤᠨ ᠢ | ᠨᠡᠩ ᠴᠤ ᠰᠢᠯᠤᠭ᠌ ᠵᠢᠷᠤᠭ ᠰᠢᠭ᠋ ᠪᠤᠯᠭᠠᠨ᠂ ᠵᠤᠭᠠᠴᠠᠭᠰᠡᠳ ᠤᠨ ᠪᠠᠭ᠋ᠠᠷᠬᠠᠯ ᠢ ᠲᠠᠳᠠᠵᠤ᠂ ᠰᠡᠳᠬᠢᠯ ᠳᠤ ᠨᠢ ᠬᠦᠳᠡᠭᠡ | ᠲᠤᠰᠬᠤᠨ ᠤ ᠰᠡᠶᠢᠨ ᠰᠡᠶᠢᠬᠠᠨ ᠲᠦᠷᠢ ᠶᠢ ᠬᠠᠳᠠᠩᠰᠢᠭᠤᠯᠬᠤ ᠪᠠᠷ ᠴᠢᠷᠮᠡᠶᠢᠵᠤ ᠪᠤᠢ᠃ | ᠠᠵᠢᠯᠯᠠᠭᠠᠨ ᠢ ᠡᠷᠬᠢᠯᠡᠵᠤ ᠲᠤᠬᠢᠶᠠᠯ ᠢ ᠠᠰᠢᠭᠯᠠᠨ ᠤᠬᠠᠭᠤᠯᠭ᠎ᠠ ᠲᠠᠨᠢᠯᠴᠠᠭᠤᠯᠭ᠎ᠠ ᠶᠢᠨ ᠰᠢᠨ᠎ᠠ | ᠦᠢᠯᠡᠴᠢᠯᠡᠭᠡ ᠪᠠᠨ ᠲᠤᠳᠤᠷᠠᠭᠤᠯᠵᠤ ᠪᠠᠶᠢᠨ᠎ᠠ᠃ ᠲᠠᠪᠳᠠᠮᠵᠢ ᠶᠢᠨ ᠴᠢᠨᠠᠷᠳᠡᠢ ᠪᠠᠷ ᠤᠩᠭᠤᠨ ᠮᠠᠩᠬᠠᠨ ᠤ ᠬᠡᠬᠡᠷᠠᠯᠡᠭᠴᠢ | ᠪᠤᠯᠤᠨ ᠬᠤᠷ᠎ᠠ ᠤᠰᠤ ᠵᠢᠭᠤᠯᠴᠢᠯᠠᠯ ᠤᠨ ᠤᠷᠤᠨ ᠤ ᠡᠪᠤᠯ ᠤᠨ ᠵᠢᠭᠠᠰᠤ ᠠᠩᠨᠠᠬᠤ ᠨᠡᠶᠢᠷ ᠢ ᠦᠷᠨᠢᠬᠦᠯᠵᠤ ᠢᠯᠡᠯᠳᠡ | ᠲᠤᠰᠬᠤᠨ᠂ ᠪᠠᠶᠠᠠᠭᠤᠤᠯ ᠭᠠᠴᠠᠭᠠᠨ ᠤ ᠬᠦᠳᠡᠭᠡ ᠲᠤᠰᠬᠤᠨ ᠤ ᠵᠤᠭᠠᠴᠠᠯ ᠤᠨ ᠤᠷᠤᠨ ᠪᠦᠰᠡ ᠶᠢᠨ ᠴᠢᠨᠠᠷᠳᠠᠢ ᠢᠵᠢ | ᠪᠦᠷᠢᠯᠳᠤᠭ᠍ᠰᠡᠨ ᠠᠵᠢᠯᠯᠠᠭ᠎ᠠ ᠶᠢ ᠦᠷᠨᠢᠬᠦᠯᠤᠨ ︽ᠪᠦᠬᠦ ᠤᠷᠤᠨ ᠪᠦᠰᠡ ᠶᠢᠢᠨ ᠲᠦᠷᠪᠡᠨ ᠤᠯᠠᠷᠢᠯ ᠤᠨ ᠵᠤᠭᠠᠴᠠᠯ︾ | ᠤᠨ ᠬᠦᠭᠵᠢᠯᠳᠠ ᠶᠢᠨ ᠬᠦᠰᠢᠭᠡ ᠪᠠᠨ ᠪᠦᠬᠦ ᠲᠠᠯ᠎ᠠ ᠪᠠᠷ ᠨᠡᠭᠡᠭᠡᠵᠤ᠂ ᠤᠯᠠᠭᠠᠨᠳᠤᠯᠤᠭᠠᠢ ᠶᠢᠨ ᠬᠦᠭᠡᠮᠳᠦᠭ ᠠᠭᠤᠯᠠ | ᠴᠡᠩᠭᠡᠭ ᠤᠰᠤ ᠪᠠ ᠮᠦᠰᠤ ᠴᠠᠰᠤᠨ ᠳᠤ ᠬᠤᠴᠢᠭᠳᠠᠭᠰᠠᠨ ᠮᠦᠩᠬᠦᠨ ᠴᠠᠭᠠᠨ ᠳᠡᠯᠡᠭᠡᠢ ᠨᠢ ᠮᠠᠯᠴᠢᠨ | ᠳᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠠᠯᠳᠠ ᠮᠦᠩᠬᠦᠨ ᠠᠭᠤᠯᠠ ᠪᠤᠯᠵᠤ ᠬᠤᠪᠢᠷᠠᠬᠤ ᠶᠢ ᠠᠬᠢᠭᠤᠯᠵᠤ | ᠪᠠᠶᠢᠢᠨ᠎ᠠ᠃ ᠨᠡᠷᠡᠳᠤ ᠠᠶᠠᠯᠠᠯ ᠵᠤᠭᠠᠴᠠᠯ ᠤᠨ ᠺᠤᠮᠫᠠᠨᠢ ᠪᠤᠯᠤᠨ ᠵᠠᠭᠤᠴᠢᠯᠠᠭᠤᠷ ᠵᠡᠷᠬᠡ ᠶᠢ ᠰᠠᠨᠠᠭᠠᠴᠢᠯᠠᠭ᠎ᠠ ᠠᠴᠠ ᠪᠠᠨ | ᠤᠷᠢᠨ ᠮᠡᠳᠡᠬᠡᠯᠡᠬᠦᠯᠵᠤ᠂ ᠤᠷᠠᠨ ᠪᠢᠴᠢᠯᠬᠡ ᠤᠷᠠᠨ ᠵᠢᠷᠤᠭ ᠤᠨ ᠨᠡᠶᠢᠬᠡᠮᠯᠢᠭ᠂ ᠮᠤᠲ᠋ᠤᠷ ᠲᠡᠷᠬᠡ᠂ ᠲᠤᠭᠤᠢ ᠲᠡᠷᠬᠡᠨ ᠤ | ᠨᠡᠶᠢᠬᠡᠮᠯᠢᠭ ᠵᠡᠷᠬᠡ ᠵᠤᠬᠢᠶᠠᠨ ᠪᠠᠶᠢᠭᠤᠯᠤᠯᠳᠠ ᠲᠠᠢ ᠤᠷᠳᠤ ᠬᠤᠭᠤᠴᠠᠭ᠎ᠠ ᠪᠠᠷ ᠬᠠᠮᠳᠤᠷᠠᠨ ᠠᠵᠢᠯᠯᠠᠬᠤ ᠬᠠᠷᠢᠴᠠᠭ᠎ᠠ | ᠪᠠᠶᠢᠭᠤᠯᠵᠤ ᠵᠢᠷᠬᠢᠶ᠎ᠡ᠂ ᠪᠢᠴᠢᠯ ᠪᠦᠷᠬᠡ᠂ ᠴᠡᠬᠢᠮ ᠬᠤᠳᠠᠯᠳᠤᠭ᠎ᠠ ᠵᠡᠷᠬᠡ ᠰᠢᠨ᠎ᠠ ᠵᠠᠭᠤᠴᠢᠯᠠᠭᠤᠷ ᠢ ᠦᠷᠬᠡᠨ ᠢᠶᠠᠷ | ᠬᠡᠷᠡᠭᠯᠡᠨ ᠲᠤᠤᠷ ᠰᠦᠯᠵᠢᠶᠠᠨ ᠤ ᠪᠤᠷᠤᠯᠠᠭᠤᠯᠭ᠎ᠠ ᠶᠢ ᠦᠷᠨᠢᠬᠦᠯᠤᠨ ᠤᠯᠠᠭᠠᠨᠳᠤᠯᠤᠭᠠᠢ ᠶᠢᠨ ᠵᠠᠩ ᠦᠢᠯᠡ ᠪᠤᠯᠤᠨ | ᠦᠪᠡᠷᠮᠢᠴᠡ ᠤᠨᠴᠠᠯᠢᠭᠳᠤ ᠵᠤᠭᠠᠴᠠᠯ ᠢ ᠢᠳᠡᠪᠬᠢᠳᠡᠢ ᠤᠬᠠᠭᠤᠯᠵᠤ᠂ ᠭᠠᠳᠠᠬᠰᠢᠯ ᠤᠬᠠᠭᠤᠯᠭ᠎ᠠ ᠶᠢᠨ ᠪᠦᠬᠦᠯᠢ | ᠴᠤᠭᠴᠠ ᠶᠢᠨ ᠨᠡᠶᠢᠯᠡᠮᠡᠯ ᠬᠦᠴᠤᠨ ᠢ ᠪᠤᠢ ᠪᠤᠯᠭᠠᠨ ︽ᠤᠯᠠᠭᠠᠨᠳᠤᠯᠤᠭᠠᠢ ᠶᠢᠨ ᠵᠤᠭᠠᠴᠠᠯ︾ ᠤᠨ ᠨᠡᠷ᠎ᠡ ᠠᠯᠳᠠᠷ ᠢ | ᠪᠦᠬᠦ ᠲᠠᠯ᠎ᠠ ᠪᠠᠷ ᠠᠯᠳᠠᠷᠰᠢᠭᠤᠯᠬᠤ ᠪᠠᠷ ᠴᠢᠷᠮᠡᠶᠢᠨ ᠲᠡᠮᠡᠴᠡᠵᠤ ᠪᠤᠢ᠃ | |